11 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ | ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ ᠡᠭᠢᠯᠡᠯᠳᠠ ᠶᠢᠨ | ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃ | | | 11 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ | ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ ᠡᠭᠢᠯᠡᠯᠳᠠ ᠶᠢᠨ | ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 8 ᠤ ᠴᠠᠭᠢᠯᠭᠠᠨ ᠮᠡᠳᠡᠭᠡ ᠰᠢ ᠶᠢᠨ ᠫᠢᠩ᠂ 2015 | ᠣᠨ ᠳᠤ ᠪᠢ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠡᠭᠢᠯᠡᠯᠲᠡ ᠶᠢᠨ | ᠶᠣᠰᠣᠯᠠᠯ ᠳᠡᠭᠡᠷ᠎ᠡ ᠪᠦᠭᠦ ᠪᠥᠮᠪᠥᠷᠴᠡᠭ ᠤᠨ ᠢᠨᠲ᠋ᠧᠷ ᠰᠦᠯᠵᠢᠶᠡᠨ ᠤ ᠬᠥᠭᠵᠢᠯᠲᠡ ᠵᠠᠰᠠᠯᠲᠠ ᠶᠢᠨ ︽ᠳᠥᠷᠪᠡᠨ ᠵᠠᠷᠴᠢᠮ︾᠂ | ︽ᠲᠠᠪᠤᠨ ᠵᠣᠷᠢᠯᠲᠠ︾ ᠶᠢ ᠳᠤᠷᠠᠳᠴᠤ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠰᠠᠨᠠᠭᠠᠴᠢᠯᠠᠵᠠᠢ᠂ ᠡᠨᠡ ᠬᠦ ᠣᠶᠢᠯᠠᠭᠠᠭᠳᠠᠬᠤᠨ ᠨᠢ ᠳᠡᠯᠡᠬᠡᠢ ᠨᠡᠶᠢᠲᠡ ᠶᠢᠨ ᠥᠷᠭᠡᠨ ᠳᠡᠯᠭᠡᠷ ᠬᠠᠮᠲᠤ ᠶᠢᠨ | ᠲᠠᠨᠢᠯᠲᠠ ᠪᠠ ᠢᠳᠡᠪᠬᠢᠲᠡᠢ ᠬᠦᠷᠢᠶᠡᠯᠡᠯ ᠢ ᠣᠯᠣᠭᠰᠠᠨ ᠪᠠᠶᠢᠨ᠎ᠠ᠃ ᠣᠳᠣᠬᠠᠨ ᠤ ᠳᠡᠯᠡᠬᠡᠢ ᠶᠢᠷᠲᠢᠨᠴᠦ ᠳᠤ ᠬᠤᠪᠢᠰᠤᠯᠲᠠ | ᠳᠡᠪᠵᠢᠶᠡᠨ ᠰᠣᠯᠪᠢᠴᠠᠵᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠶᠢᠨ ᠪᠠᠶᠢᠳᠠᠯ ᠲᠦᠷᠭᠡᠳᠦᠨ ᠬᠤᠪᠢᠷᠠᠵᠤ | ᠪᠠᠶᠢᠨ᠎ᠠ᠂ ᠬᠥᠭᠵᠢᠯᠲᠡ ᠶᠢᠨ ᠤᠯᠠᠭᠠᠨ ᠲᠤᠭ᠎ᠠ ᠶᠢ ᠬᠡᠷᠬᠢᠨ ᠰᠢᠢᠳᠪᠦᠷᠢᠯᠡᠬᠦ᠂ ᠠᠮᠤᠷ ᠲᠦᠪᠰᠢᠨ ᠤ ᠬᠦᠴᠢᠷᠳᠡᠯ ᠢ ᠬᠡᠷᠬᠢᠨ | ᠰᠢᠢᠳᠪᠦᠷᠢᠯᠡᠬᠦ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠴᠢᠩᠭᠠᠳᠬᠠᠬᠤ ᠪᠣᠯ ᠪᠢᠳᠡᠨ ᠳᠤ ᠬᠠᠮᠲᠤ ᠪᠠᠷ ᠲᠤᠯᠭᠠᠷᠠᠵᠤ | ᠪᠠᠶᠢᠭ᠎ᠠ ᠴᠠᠭ ᠦᠶ᠎ᠡ ᠶᠢᠨ ᠰᠡᠳᠦᠪ ᠪᠣᠯᠣᠨ᠎ᠠ᠃ ᠢᠨᠲ᠋ᠧᠷ ᠰᠦᠯᠵᠢᠶ᠎ᠡ ᠨᠢ ᠡᠳᠦᠷ ᠢᠷᠡᠬᠦᠶ᠎ᠡ ᠬᠥᠭᠵᠢᠯᠲᠡ ᠶᠢ ᠠᠬᠢᠭᠤᠯᠬᠤ | ᠰᠢᠨ᠎ᠡ ᠬᠥᠳᠡᠯᠭᠡᠬᠦ ᠬᠦᠴᠦᠨ᠂ ᠠᠮᠤᠷ ᠲᠦᠪᠰᠢᠨ ᠢ ᠬᠠᠮᠠᠭᠠᠯᠠᠬᠤ ᠰᠢᠨ᠎ᠡ ᠣᠷᠣᠨ ᠵᠠᠢ᠂ ᠪᠣᠯᠪᠠᠰᠤᠨ ᠢᠶᠠᠨ ᠬᠠᠷᠢᠯᠴᠠᠨ | ᠲᠣᠯᠢᠳᠠᠬᠤ ᠰᠢᠨ᠎ᠡ ᠲᠠᠪᠴᠠᠩ ᠪᠣᠯᠵᠤ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠨᠢ ᠴᠠᠭ ᠦᠶ᠎ᠡ ᠶᠢᠨ ᠰᠡᠳᠦᠪ ᠢ ᠬᠠᠷᠢᠭᠤᠯᠬᠤ ᠶᠢᠨ ᠵᠠᠶᠢᠯᠠᠰᠢ ᠦᠭᠡᠢ ᠰᠣᠩᠭᠤᠯᠲᠠ ᠪᠤᠯᠬᠤ ᠪᠥᠭᠡᠳ ᠪᠠᠰᠠ | ᠳᠡᠯᠡᠬᠡᠢ ᠨᠡᠶᠢᠭᠡᠮ ᠤᠨ ᠬᠠᠮᠲᠤ ᠶᠢᠨ ᠬᠦᠰᠡᠯ ᠱᠠᠭᠠᠷᠳᠠᠯᠭ᠎ᠠ ᠪᠣᠯᠣᠨ᠎ᠠ᠃ ᠪᠢᠳᠡ ᠰᠣᠯᠢᠯᠴᠠᠭ᠎ᠠ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠰᠢᠨ᠎ᠡ ᠱᠠᠲᠤᠨ ᠳᠤ ᠣᠷᠣᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃ | ᠪᠢᠳᠡ ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠰᠠᠨᠠᠭᠠᠴᠢᠯᠠᠵᠤ᠂ ᠨᠡᠩ ᠲᠦᠭᠡᠮᠡᠯ ᠭᠦᠷᠳᠡᠭᠡᠮᠵᠢᠳᠤ ᠴᠡᠴᠡᠭᠯᠡᠨ | ᠬᠥᠭᠵᠢᠭᠰᠡᠨ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ᠃ ᠲᠣᠭᠠᠴᠢᠯᠠᠭᠰᠠᠨ ᠬᠦᠷᠢᠶᠡᠨ ᠳᠠᠬᠢ ᠤᠯᠠᠨ | ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠤᠨᠳᠤᠤᠰᠢᠭᠤᠯᠤᠯᠳᠠ ᠶᠢ ᠲᠦᠷᠭᠡᠳᠬᠡᠬᠦ ᠬᠡᠷᠡᠭᠲᠡᠢ᠃ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ | ᠲᠦᠭᠡᠮᠡᠯᠵᠢᠯᠲᠡ ᠶᠢ ᠲᠦᠷᠭᠡᠳᠬᠡᠵᠦ᠂ ᠲᠣᠭᠠᠴᠢᠯᠠᠯᠳᠠ ᠶᠢᠨ ᠵᠠᠭᠠᠭ ᠵᠠᠢ ᠶᠢ ᠪᠠᠭᠠᠰᠬᠠᠵᠤ᠂ ᠢᠨᠲ᠋ᠧᠷ ᠰᠦᠯᠵᠢᠶᠡᠨ ᠤ | ᠬᠥᠭᠵᠢᠯᠲᠡ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠨᠡᠩ ᠤᠯᠠᠨ ᠤᠯᠤᠰ ᠪᠠ ᠠᠷᠠᠳ | ᠲᠦᠮᠡᠨ ᠳᠤ ᠢᠨᠲ᠋ᠧᠷ ᠰᠦᠯᠵᠢᠶᠡᠨ ᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠭᠦ ᠬᠡᠷᠡᠭᠲᠡᠢ᠃ | ᠪᠢᠳᠡ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠬᠤ ᠶᠢ ᠰᠠᠨᠠᠭᠠᠴᠢᠯᠠᠵᠤ᠂ ᠨᠡᠩ ᠡᠩᠬᠡ ᠲᠠᠶᠢᠪᠤᠩ | ᠠᠮᠤᠷ ᠲᠦᠪᠰᠢᠨ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ᠃ ᠰᠦᠯᠵᠢᠶᠡᠨ ᠤ ᠡᠷᠬᠡ ᠮᠡᠳᠡᠯ ᠢ ᠭᠦᠨᠳᠦᠳᠭᠡᠵᠦ | ᠂ ᠡᠯ᠎ᠡ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠵᠠᠮ ᠪᠣᠯᠣᠨ ᠵᠠᠰᠠᠯᠲᠠ ᠶᠢᠨ ᠵᠠᠭᠪᠤᠷ ᠢ ᠬᠦᠨᠳᠦᠳᠬᠡᠬᠦ | ᠬᠡᠷᠡᠭᠲᠡᠢ᠃ ᠰᠦᠯᠵᠢᠶᠡᠨ ᠤ ᠣᠷᠣᠨ ᠵᠠᠢ ᠶᠢᠨ ᠤᠯᠠᠨ ᠤᠯᠤᠰ ᠤᠨ ᠳᠦᠷᠢᠮ ᠢ ᠵᠢᠷᠤᠮᠯᠠᠵᠤ᠂ ᠰᠦᠯᠵᠢᠶᠡᠨ ᠤ ᠡᠵᠡᠷᠬᠡᠭᠯᠡᠯ | ᠶᠠᠪᠤᠭᠤᠯᠬᠤ ᠦᠭᠡᠢ᠃ ᠰᠦᠯᠵᠢᠶᠡᠨ ᠤ ᠣᠷᠣᠨ ᠵᠠᠢ ᠶᠢᠨ ᠯᠡᠭᠧᠷ ᠤᠨ ᠡᠰᠡᠷᠭᠦᠴᠡᠯᠳᠦᠯ ᠪᠠ ᠴᠡᠷᠢᠭ ᠵᠡᠪᠰᠡᠭ ᠤᠨ | ᠤᠷᠤᠯᠳᠤᠭᠠᠨ ᠶᠠᠪᠤᠭᠤᠯᠬᠤ ᠦᠭᠡᠢ᠃ ᠰᠦᠯᠵᠢᠶᠡᠨ ᠤ ᠠᠮᠤᠷ ᠲᠦᠪᠰᠢᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ | ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠠᠴᠠ ᠪᠣᠯᠤᠭᠰᠠᠨ ᠵᠢᠷᠤᠮ ᠭᠤᠷᠢᠮ ᠤᠨ ᠮᠥᠷᠭᠦᠯᠳᠦᠭᠡᠨ᠂ | ᠨᠡᠶᠢᠭᠡᠮ ᠤᠨ ᠠᠶᠤᠯ ᠲᠦᠭᠰᠢᠭᠦᠷᠢ᠂ ᠶᠣᠰᠣ ᠰᠤᠷᠲᠠᠬᠤᠨ ᠤ ᠥᠷᠢᠰᠦᠯᠳᠦᠭᠡᠨ ᠢ ᠲᠣᠬᠢᠲᠠᠢ ᠠᠷᠭᠠᠴᠠᠭᠠᠬᠤ ᠬᠡᠷᠡᠭᠲᠡᠢ᠃ | ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠨ ︽ᠪᠦᠭᠦ ᠪᠥᠮᠪᠥᠷᠴᠡᠭ ᠤᠨ ᠵᠣᠬᠢᠶᠠᠮᠠᠯ ᠣᠶᠤᠨ | ᠴᠢᠳᠠᠪᠤᠷᠢ ᠶᠢᠨ ᠵᠠᠰᠠᠯᠲᠠ ᠶᠢᠨ ᠰᠠᠨᠠᠭᠠᠴᠢᠯᠠᠭ᠎ᠠ︾ ᠶᠢ ᠨᠠᠶᠢᠳᠠᠪᠤᠷᠢᠵᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠮᠤᠷ | ᠲᠦᠪᠰᠢᠨ ᠬᠥᠭᠵᠢᠯᠲᠡ ᠶᠢ ᠠᠬᠢᠭᠤᠯᠤᠨ᠎ᠠ᠃ | ᠪᠢᠳᠡ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠰᠠᠨᠠᠭᠠᠴᠢᠯᠠᠵᠤ᠂ ᠨᠡᠩ ᠡᠷᠬᠡ ᠲᠡᠭᠰᠢ ᠪᠠᠭᠲᠠᠭᠠᠮᠵᠢᠲᠠᠢ | ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ᠃ ᠰᠦᠯᠵᠢᠶᠡᠨ ᠳᠡᠭᠡᠷᠡᠬᠢ ᠰᠣᠯᠢᠯᠴᠠᠭ᠎ᠠ ᠶᠠᠷᠢᠯᠴᠠᠭ᠎ᠠ ᠶᠢ | ᠴᠢᠩᠭᠠᠳᠬᠠᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠵᠤ ᠬᠠᠷᠢᠯᠴᠠᠨ ᠳᠣᠲᠣᠨᠣᠴᠢᠯᠠᠬᠤ ᠶᠢ | ᠠᠬᠢᠭᠤᠯᠵᠤ᠂ ᠠᠳᠠᠯᠢ ᠪᠤᠰᠤ ᠪᠣᠯᠪᠠᠰᠤᠨ ᠤ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠠᠬᠢᠭᠤᠯᠵᠤ᠂ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠦᠷᠳᠡᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠰᠦᠯᠵᠢᠶᠡᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠰᠦᠯᠵᠢᠶᠡᠨ ᠤ ᠰᠣᠶᠣᠯ ᠤᠨ ᠪᠦᠲᠦᠭᠡᠭᠳᠡᠬᠦᠨ ᠢ ᠦᠢᠯᠡᠳᠪᠦᠷᠢᠯᠡᠨ | ᠳᠠᠮᠵᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠭᠦᠢᠴᠡᠳ | ᠢᠯᠡᠷᠡᠭᠦᠯᠵᠦ᠂ ᠪᠣᠯᠪᠠᠰᠤᠨ ᠢ ᠤᠯᠠᠮᠵᠢᠯᠠᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠰᠦᠯᠵᠢᠶᠡᠨ ᠳᠡᠭᠡᠷᠡᠬᠢ ᠤᠶᠤᠨ | ᠰᠠᠨᠠᠭᠠᠨ ᠤ ᠭᠡᠷ ᠣᠷᠣᠨ ᠢ ᠬᠠᠮᠲᠤ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠮᠡᠳᠡᠭᠡ ᠵᠠᠩᠭᠢ ᠶᠢᠨ ᠬᠤᠪᠢᠰᠬᠠᠯ ᠤᠨ ᠴᠠᠭ ᠦᠶ᠎ᠡ ᠶᠢᠨ ᠤᠷᠤᠰᠬᠠᠯ ᠰᠦᠷ | ᠳᠠᠯᠠᠶᠢᠴᠠᠲᠠᠢ ᠤᠷᠤᠭᠰᠢᠯᠠᠵᠤ᠂ ᠰᠦᠯᠵᠢᠶᠡᠨ ᠤ ᠣᠷᠣᠨ ᠵᠠᠢ ᠬᠥᠮᠥᠨ ᠲᠥᠷᠥᠯᠬᠢᠲᠡᠨ ᠤ ᠰᠠᠶᠢᠨ ᠰᠠᠶᠢᠬᠠᠨ ᠢᠷᠡᠭᠡᠳᠦᠢ ᠶᠢᠨ | ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ ᠪᠢᠳᠠ ᠭᠠᠷ ᠬᠤᠯᠪᠣᠨ ᠰᠦᠯᠵᠢᠶᠡᠨ ᠤ ᠣᠷᠣᠨ | ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠢᠨᠲ᠋ᠧᠷ ᠰᠦᠯᠵᠢᠶ᠎ᠡ ᠪᠠᠷ ᠳᠡᠯᠡᠬᠡᠢ ᠶᠢᠨ ᠡᠯ᠎ᠡ | ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︕ ᠭᠡᠵᠦ ᠴᠢᠬᠤᠯᠠᠴᠢᠯᠠᠪᠠ᠃ | 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ | ᠬᠤᠷᠠᠯ 11 ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠵᠧᠵᠢᠶᠠᠩ ᠤᠨ ᠦ᠋ ᠵᠧᠨ ᠪᠠᠯᠭᠠᠰᠤᠨ ᠳᠤ ᠶᠠᠪᠤᠭᠳᠠᠨ᠂ ︽ | ᠪᠠᠭᠲᠠᠭᠠᠮᠵᠢᠲᠠᠢ᠂ ᠲᠦᠭᠡᠮᠡᠯ ᠭᠦᠷᠳᠡᠭᠡᠮᠵᠢᠳᠤ᠂ ᠤᠶᠠᠨ ᠬᠠᠲᠠᠨ ᠴᠢᠨᠠᠷᠲᠠᠢ ᠲᠣᠭᠠᠴᠢᠯᠠᠭᠰᠠᠨ ᠳᠡᠯᠡᠬᠡᠢ ᠶᠢᠷᠲᠢᠨᠴᠦ ᠶᠢ | ᠪᠦᠲᠦᠭᠡᠨ ᠪᠠᠶᠢᠭᠤᠯᠵᠤ – ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ | ᠬᠤᠯᠪᠣᠨ ᠪᠠᠶᠢᠭᠤᠯᠤᠶ᠎ᠠ︾ ᠭᠡᠬᠦ ᠪᠠᠷ ᠭᠤᠣᠯ ᠰᠡᠳᠦᠪ ᠪᠣᠯᠭᠠᠪᠠ᠃ |