ᠸᠠᠩ ᠬᠤᠢ ᠢᠦᠢ ᠮᠠᠨ ᠤ ᠰᠢᠶᠠᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/12/1
      11 ᠰᠠᠷ᠎ᠠ ᠶᠢᠨ 30᠎ ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠮᠠᠨ ᠤ ᠰᠢᠶᠠᠨ ᠤ ᠬᠡᠰᠡᠭ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠵᠢᠴᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠠᠢ᠃      ᠸᠠᠩ ᠬᠤᠢ ᠢᠦᠢ ᠥᠪᠥᠷ ᠮᠣᠩᠭᠤᠯ ᠤᠨ ᠶᠦᠩ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠰᠢᠩ ᠡᡁᠧ ᠰᠢᠶᠠᠨ ᠤ ᠲᠢᠶᠠᠨ ᠡᡁᠧ ᠨᠡᠭᠦᠷᠡᠰᠦᠲᠥ᠋ᠷᠥᠭᠴᠢ ᠶᠢᠨ ᠬᠢᠮᠢ ᠶᠢᠨ ᠬᠢᠵᠠᠭᠠᠷᠲᠤ ᠺᠣᠮᠫᠠᠨᠢ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠦᠷᠦᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠣᠶᠢᠯᠠᠭᠠᠪᠠ᠃      ᠸᠠᠩ ᠬᠤᠢ ᠢᠦᠶ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠨᠢᠭᠡᠴᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠠᠶᠤᠯ ᠦᠭᠡᠶ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠨᠠᠷᠢᠨ ᠨᠢᠮᠪᠠᠶ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ ᠨᠠᠷᠢᠨ ᠨᠢᠮᠪᠠᠶ ᠪᠠᠷᠢᠵᠤ᠂ ᠴᠢᠩᠭ᠎ᠠ ᠬᠢᠨᠠᠨ ᠬᠠᠮᠢᠶᠠᠷᠴᠤ᠂ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠦᠨᠡᠨᠬᠦ ᠠᠷᠢᠯᠭᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ᠂ ᠠᠶᠤᠯ ᠥᠬᠡᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠵᠢᠯ ᠤᠨ ᠡᠴᠦᠰ ᠤᠨ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠡᠪᠦᠯ ᠤᠨ ᠤᠯᠠᠷᠢᠯ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠪᠥᠬᠦ ᠲᠠᠯ᠎ᠠ ᠪᠠᠷ ᠴᠢᠩᠭ᠎ᠠ ᠠᠳᠬᠤᠬᠤ ᠬᠡᠷᠡᠭᠲᠡᠶ᠃      ᠸᠠᠩ ᠬᠤᠢ ᠢᠦᠶ ᠴᠢᠬᠤᠯᠠᠴᠢᠯᠠᠭᠰᠠᠨ ᠨᠢ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠪᠦᠬᠦ ᠰᠢᠶᠠᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠦᠷᠦᠯ ᠵᠦᠢᠯ ᠢ ᠬᠡᠷᠡᠭᠵᠢᠭᠦᠯᠬᠦ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠲᠥᠯᠥᠪᠯᠡᠭᠡ ᠶᠢ ᠰᠢᠯᠢᠳᠡᠭᠵᠢᠭᠦᠯᠵᠦ᠂ ᠢᠳᠡᠪᠬᠢᠲᠡᠢ ᠪᠠᠷ ᠦᠢᠯᠡᠴᠢᠯᠡᠨ ᠪᠠᠲᠤᠯᠠᠵᠤ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠤᠨ ᠪᠦᠳᠦᠬᠡᠨ ᠪᠠᠶᠢᠭᠤᠯᠤᠯᠲᠠ᠂ ᠦᠢᠯᠡᠳᠪᠦᠷᠢᠯᠡᠯ᠂ ᠬᠥᠭᠵᠢᠯᠲᠡ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ  ᠾᠧ ᠶᠢᠩ ᠽᠢ᠂ ᠢᠦᠢ ᠬᠤᠩ ᠯᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3