11 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠮᠠᠨ ᠤ | ᠰᠢᠶᠠᠨ ᠤ ᠬᠡᠰᠡᠭ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠭᠦᠨᠵᠡᠭᠡᠶᠢᠷᠡᠨ | ᠠᠶᠤᠯᠭᠦᠢ ᠦᠢᠯᠡᠳᠪᠦᠷᠢᠯᠡᠯ ᠵᠢᠴᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ | ᠪᠠᠶᠢᠴᠠᠭᠠᠨ ᠰᠤᠳᠤᠯᠵᠠᠢ᠃ | ᠸᠠᠩ ᠬᠤᠢ ᠢᠦᠢ ᠥᠪᠥᠷ ᠮᠣᠩᠭᠤᠯ ᠤᠨ ᠶᠦᠩ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ | ᠰᠢᠩ ᠡᡁᠧ ᠰᠢᠶᠠᠨ ᠤ ᠲᠢᠶᠠᠨ ᠡᡁᠧ ᠨᠡᠭᠦᠷᠡᠰᠦᠲᠥ᠋ᠷᠥᠭᠴᠢ ᠶᠢᠨ ᠬᠢᠮᠢ ᠶᠢᠨ ᠬᠢᠵᠠᠭᠠᠷᠲᠤ ᠺᠣᠮᠫᠠᠨᠢ ᠶᠢᠨ | ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ | ᠲᠦᠷᠦᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ | ᠪᠦᠬᠦᠢ ᠠᠵᠢᠯ ᠤᠨ ᠪᠠᠶᠢᠳᠠᠯ ᠢ ᠣᠶᠢᠯᠠᠭᠠᠪᠠ᠃ | ᠸᠠᠩ ᠬᠤᠢ ᠢᠦᠶ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠨᠢᠭᠡᠴᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠠᠶᠤᠯ ᠦᠭᠡᠶ ᠦᠢᠯᠡᠳᠪᠦᠷᠢᠯᠡᠯ ᠤᠨ | ᠬᠥᠪᠴᠢ ᠪᠠᠨ ᠴᠠᠭ ᠢᠮᠠᠭᠲᠠ ᠴᠢᠩᠭᠠᠯᠠᠵᠤ᠂ ᠨᠠᠷᠢᠨ ᠨᠢᠮᠪᠠᠶ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ ᠨᠠᠷᠢᠨ ᠨᠢᠮᠪᠠᠶ | ᠪᠠᠷᠢᠵᠤ᠂ ᠴᠢᠩᠭ᠎ᠠ ᠬᠢᠨᠠᠨ ᠬᠠᠮᠢᠶᠠᠷᠴᠤ᠂ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠦᠨᠡᠨᠬᠦ | ᠠᠷᠢᠯᠭᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ᠂ ᠠᠶᠤᠯ ᠥᠬᠡᠶ ᠦᠢᠯᠡᠳᠪᠦᠷᠢᠯᠡᠯ ᠤᠨ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠵᠢᠯ ᠤᠨ ᠡᠴᠦᠰ ᠤᠨ ᠠᠶᠤᠯ ᠥᠬᠡᠶ ᠦᠢᠯᠡᠳᠪᠦᠷᠢᠯᠡᠯ ᠤᠨ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠡᠪᠦᠯ ᠤᠨ ᠤᠯᠠᠷᠢᠯ ᠤᠨ ᠠᠶᠤᠯ ᠥᠬᠡᠶ | ᠦᠢᠯᠡᠳᠪᠦᠷᠢᠯᠡᠯ ᠤᠨ ᠠᠵᠢᠯ ᠢ ᠪᠥᠬᠦ ᠲᠠᠯ᠎ᠠ ᠪᠠᠷ ᠴᠢᠩᠭ᠎ᠠ ᠠᠳᠬᠤᠬᠤ ᠬᠡᠷᠡᠭᠲᠡᠶ᠃ | ᠸᠠᠩ ᠬᠤᠢ ᠢᠦᠶ ᠴᠢᠬᠤᠯᠠᠴᠢᠯᠠᠭᠰᠠᠨ ᠨᠢ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠨᠢ ᠪᠦᠬᠦ ᠰᠢᠶᠠᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠨᠢᠭᠡᠳᠦᠭᠡᠷ ᠹᠷᠣᠨᠲ ᠲᠤ | ᠭᠦᠨᠵᠡᠭᠡᠶᠢᠷᠡᠵᠦ᠂ ᠲᠦᠷᠦᠯ ᠵᠦᠢᠯ ᠢ ᠬᠡᠷᠡᠭᠵᠢᠭᠦᠯᠬᠦ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠠᠭ | ᠬᠤᠭᠤᠴᠠᠭ᠎ᠠ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠲᠥᠯᠥᠪᠯᠡᠭᠡ ᠶᠢ ᠰᠢᠯᠢᠳᠡᠭᠵᠢᠭᠦᠯᠵᠦ᠂ ᠢᠳᠡᠪᠬᠢᠲᠡᠢ ᠪᠠᠷ | ᠦᠢᠯᠡᠴᠢᠯᠡᠨ ᠪᠠᠲᠤᠯᠠᠵᠤ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ ᠪᠣᠯᠤᠨ ᠬᠦᠴᠢᠷᠳᠡᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ | ᠪᠦᠳᠦᠬᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠤᠨ ᠪᠦᠳᠦᠬᠡᠨ ᠪᠠᠶᠢᠭᠤᠯᠤᠯᠲᠠ᠂ | ᠦᠢᠯᠡᠳᠪᠦᠷᠢᠯᠡᠯ᠂ ᠬᠥᠭᠵᠢᠯᠲᠡ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |