12 ᠰᠠᠷ᠎ᠠ ᠶᠢᠨ 8 ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ | ᠱᠠᠩ ᠢ ᠰᠢᠶᠠᠨ ᠳᠤ ᠬᠦᠷᠴᠦ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ | ᠰᠡᠷᠭᠦᠭᠡᠯᠲᠡ ᠶᠢᠨ ᠬᠠᠮᠵᠢᠯᠴᠠᠭᠠᠨ ᠤ ᠠᠵᠢᠯ ᠢ ᠵᠣᠯᠭᠠᠭᠤᠯᠤᠨ ᠰᠣᠯᠢᠯᠴᠠᠭᠰᠠᠨ ᠪᠥᠭᠡᠳ ᠶᠠᠷᠢᠯᠴᠠᠬᠤ ᠬᠤᠷᠠᠯ ᠬᠢᠵᠦ᠂ | ᠱᠠᠩ ᠢ ᠰᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠠᠷᠢᠯᠴᠠᠬᠤ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠵᠢᠯᠴᠠᠨ ᠵᠣᠯᠭᠠᠭᠤᠯᠬᠤ ᠶᠢ ᠴᠢᠩᠭᠠᠳᠬᠠᠬᠤ᠂ ᠴᠠᠭᠠᠨ | ᠨᠠᠭᠤᠷ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠬᠠᠮᠲᠤᠪᠠᠷ ᠠᠬᠢᠭᠤᠯᠬᠤ ᠶᠢᠨ | ᠲᠣᠭᠤᠷᠢᠨ ᠳᠤ ᠭᠦᠨᠵᠡᠭᠡᠢ ᠰᠣᠯᠢᠯᠴᠠᠨ ᠶᠠᠷᠢᠯᠴᠠᠵᠤ᠂ ︽ᠰᠢᠩ ᠾᠧ ᠰᠢᠶᠠᠨ · ᠱᠠᠩ ᠢ ᠰᠢᠶᠠᠨ ᠤ ᠴᠠᠭᠠᠨ | ᠨᠠᠭᠤᠷ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠬᠠᠮᠵᠢᠯᠴᠠᠭᠠᠨ ᠤ ᠠᠵᠢᠯ ᠤᠨ ᠰᠠᠨᠠᠭᠤᠯᠤᠮᠵᠢ︾ | ᠳᠤ ᠭᠠᠷ ᠤᠨ ᠦᠰᠦᠭ ᠵᠢᠷᠤᠪᠠ᠃ | ᠬᠥᠩ ᠰᠢᠤ ᠯᠦᠩ ᠬᠡᠯᠡᠬᠦ ᠳᠡᠭᠡᠨ᠂ ᠴᠠᠭᠠᠨ ᠨᠠᠭᠤᠷ ᠤᠨ ᠠᠮᠢ ᠠᠬᠤᠶ ᠶᠢ ᠬᠠᠮᠠᠭᠠᠯᠠᠨ ᠵᠠᠰᠠᠬᠤ ᠠᠵᠢᠯ ᠢ | ᠴᠢᠩᠭᠠᠳᠬᠠᠬᠤ ᠨᠢ ᠰᠠᠪᠠ ᠭᠠᠵᠠᠷ ᠤᠨ ᠳᠣᠲᠣᠷᠠᠬᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠪᠠ ᠠᠮᠢ | ᠠᠬᠤᠶ ᠶᠢᠨ ᠣᠷᠴᠢᠨ ᠨᠥᠬᠦᠴᠡᠯ ᠤᠨ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠬᠤᠶᠠᠷ | ᠭᠠᠵᠠᠷ ᠤᠨ ᠬᠢᠨ ᠨᠤᠭᠤ ᠭᠠᠵᠠᠷ ᠤᠨ ᠰᠠᠪᠠ ᠭᠠᠵᠠᠷ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠵᠣᠬᠢᠰᠲᠠᠢ | ᠠᠰᠢᠭᠯᠠᠵᠤ᠂ ᠵᠠᠰᠠᠯᠲᠠ ᠶᠢᠨ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠨᠤᠭᠤ | ᠭᠠᠵᠠᠷ ᠢ ᠬᠠᠮᠠᠭᠠᠯᠠᠬᠤ ᠪᠠ ᠰᠡᠷᠭᠦᠭᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ | ᠦᠭᠡᠢ ᠲᠠᠷᠢᠶᠠᠯᠠᠩ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠠᠭᠠᠨ ᠨᠠᠭᠤᠷ ᠨᠠᠭᠤᠷ ᠤᠨ | ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠪᠣᠯᠤᠨ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ | ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠱᠠᠩ ᠢ ᠰᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠢᠩ ᠡᡁᠧ ᠰᠢᠶᠠᠨ ᠪᠣᠯᠤᠨ ᠱᠠᠩ ᠢ | ᠰᠢᠶᠠᠨ ᠬᠤᠶᠠᠷ ᠭᠠᠵᠠᠷ ︽ᠠᠭᠤᠯᠠ ᠤᠰᠤ ᠬᠠᠷᠢᠯᠴᠠᠨ ᠲᠦᠰᠢᠯᠴᠡᠵᠦ᠂ ᠠᠮᠢ ᠠᠬᠤᠢ ᠬᠠᠷᠢᠯᠴᠠᠨ ᠬᠤᠯᠪᠣᠯᠳᠤᠵᠤ᠂ | ᠴᠠᠭᠠᠨ ᠨᠠᠭᠤᠷ ᠨᠠᠭᠤᠷ ᠨᠢᠭᠡᠨᠲᠡ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠥᠭᠵᠢᠬᠦ ᠬᠤᠯᠪᠣᠭᠠᠰᠤ ᠪᠣᠯᠪᠠ᠂ | ᠬᠤᠶᠢᠰᠢᠳᠠ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ ᠬᠠᠮᠲᠤᠪᠠᠷ | ᠪᠦᠳᠦᠭᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠴᠠᠭᠠᠨ ᠨᠠᠭᠤᠷ ᠨᠠᠭᠤᠷ ᠢ ᠬᠠᠮᠲᠤᠪᠠᠷ ᠰᠠᠶᠢᠲᠤᠷ ᠰᠠᠬᠢᠨ | ᠬᠠᠮᠠᠭᠠᠯᠠᠵᠤ᠂ ᠠᠮᠢ ᠠᠬᠤᠢ ᠶᠢᠨ ᠦᠵᠡᠰᠬᠦᠯᠡᠩᠲᠦ ᠰᠠᠶᠢᠬᠠᠨ᠂ ᠠᠵᠤ ᠦᠢᠯᠡᠰ ᠤᠨ ᠬᠥᠭᠵᠢᠯ ᠮᠠᠨᠳᠤᠯ᠂ ᠠᠷᠠᠳ | ᠢᠷᠭᠡᠳ ᠤᠨ ᠪᠠᠶᠠᠵᠢᠯ ᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠢᠯᠡᠳᠬᠡᠪᠡ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |