︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠭᠡᠯᠡᠭᠴᠢ | ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ | ᠂ 2023 ᠣᠨ ᠤ 12 ᠰᠠᠷ᠎ᠠ ᠶᠢᠨ 7 ᠤ ᠡᠳᠦᠷ᠂ ᠡᠦ ᠭᠦ᠋ ᠴᠢᠤᠸᠠᠨ ᠰᠢᠶᠠᠩ ᠳᠤ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠤ ᠠᠵᠢᠯ ᠤᠨ ᠳᠥᠷᠪᠡᠳᠦᠭᠡᠷ ᠤᠯᠠᠷᠢᠯ ᠤᠨ ᠰᠣᠯᠢᠯᠴᠠᠨ ᠲᠣᠯᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ ︽ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ + ᠰᠣᠯᠢᠯᠴᠠᠨ ᠶᠠᠷᠢᠯᠴᠠᠬᠤ︾ ᠬᠡᠯᠪᠡᠷᠢ ᠶᠢ ᠠᠪᠴᠤ᠂ | ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠬᠦᠨ᠂ ᠰᠢᠶᠠᠩ ᠤᠨ ᠬᠤᠯᠪᠣᠭ᠎ᠠ ᠠᠪᠬᠤ ᠲᠠᠰᠤᠭ ᠤᠨ ᠬᠠᠷᠢᠭᠤᠴᠠᠯᠭᠠᠲᠠᠨ᠂ | ᠡᠯ᠎ᠡ ᠬᠤᠯᠪᠣᠭ᠎ᠠ ᠠᠪᠬᠤ ᠥᠷᠲᠡᠭᠡᠨ ᠤ ᠳᠠᠷᠤᠭ᠎ᠠ ᠠᠵᠢᠯᠯᠠᠭ᠎ᠠ ᠳᠤ ᠣᠷᠣᠯᠴᠠᠵᠠᠶ᠃ | ᠡᠩ ᠲᠡᠷᠢᠭᠦᠨ ᠳᠤ᠂ ᠤᠯᠠᠨ ᠢᠶᠠᠷ ᠢᠶᠠᠨ ᠰᠢᠶᠤᠤ ᠵᠢᠩ ᠽᠢ ᠲᠣᠰᠬᠤᠨ ᠤ ᠬᠤᠯᠪᠣᠭ᠎ᠠ ᠠᠪᠬᠤ ᠦᠷᠳᠡᠭᠡ᠂ ᠡᠦ ᠭᠦ᠋ | ᠴᠢᠤᠸᠠᠨ ᠲᠣᠰᠬᠤᠨ ᠤ ᠬᠤᠯᠪᠣᠭ᠎ᠠ ᠠᠪᠬᠤ ᠦᠷᠳᠡᠭᠡ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠᠷ | ᠳᠠᠮᠵᠢᠨ ᠬᠤᠯᠪᠣᠭ᠎ᠠ ᠠᠪᠬᠤ ᠦᠷᠳᠡᠭᠡ ᠶᠢᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ ᠵᠢᠴᠢ ᠲᠠᠩᠰᠠ | ᠡᠪᠬᠡᠮᠡᠯ ᠢ ᠲᠡᠭᠦᠯᠳᠡᠷᠵᠢᠭᠦᠯᠦᠭᠰᠡᠨ ᠪᠠᠶᠢᠳᠠᠯ ᠢ ᠣᠶᠢᠯᠠᠭᠠᠬᠤ ᠶᠢᠨ ᠬᠠᠮᠲᠤ ᠠᠵᠢᠯᠲᠠᠳ ppt ᠬᠡᠯᠪᠡᠷᠢ ᠪᠠᠷ ᠲᠥᠯᠥᠭᠡᠯᠡᠭᠴᠢ | ᠭᠡᠰᠢᠭᠦᠨ ᠤ ᠠᠵᠢᠯ ᠤᠨ ᠪᠠᠶᠢᠳᠠᠯ ᠢ ᠲᠠᠶᠢᠯᠪᠤᠷᠢᠯᠠᠪᠠ᠃ ᠳᠠᠷᠠᠭ᠎ᠠ ᠳᠤᠨᠢ᠂ ᠠᠵᠢᠯᠯᠠᠭ᠎ᠠ ᠳᠤ ᠣᠷᠣᠯᠴᠠᠭᠰᠠᠨ ᠪᠦᠬᠦ ᠬᠥᠮᠦᠰ | ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠠᠷᠢᠯᠴᠠᠬᠤ ᠲᠠᠰᠤᠭ ᠲᠤ ᠰᠣᠯᠢᠯᠴᠠᠨ ᠶᠠᠷᠢᠯᠴᠠᠬᠤ ᠬᠤᠷᠠᠯ | ᠥᠷᠨᠢᠭᠦᠯᠵᠡᠢ᠃ ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶ᠎ᠡ ᠶᠢᠨ ᠱᠦᠵᠢ ᠸᠠᠩ ᠯᠢᠨ᠂ ᠡᠯ᠎ᠡ ᠬᠤᠯᠪᠣᠭᠠᠨ ᠤ | ᠦᠷᠳᠡᠭᠡ ᠶᠢᠨ ᠳᠠᠷᠤᠭ᠎ᠠ ᠨᠠᠷ ᠲᠤᠰ ᠤᠳᠠᠭ᠎ᠠ ᠶᠢᠨ ᠲᠣᠭᠤᠷᠢᠨ ᠦᠵᠡᠵᠦ ᠰᠣᠯᠢᠯᠴᠠᠭ᠎ᠠ ᠬᠢᠵᠦ ᠬᠠᠷᠢᠯᠴᠠᠨ ᠲᠤᠯᠢᠳᠠᠬᠤ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠵᠤ᠂ ᠰᠠᠨᠠᠯ ᠵᠥᠪᠯᠡᠯᠭᠡ | ᠳᠤᠷᠠᠳᠴᠤ ᠠᠷᠭ᠎ᠠ ᠤᠬᠠᠭᠠᠨ ᠭᠠᠷᠭᠠᠬᠤ᠂ ᠵᠢᠱᠢᠶᠡᠴᠢ ᠪᠠᠷ ᠳᠠᠭᠠᠭᠤᠯᠬᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ | ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠭᠦᠢᠴᠡᠳᠬᠡᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠲᠤᠰ ᠤᠳᠠᠭ᠎ᠠ ᠶᠢᠨ ᠰᠣᠯᠢᠯᠴᠠᠭ᠎ᠠ ᠬᠢᠵᠦ ᠬᠠᠷᠢᠯᠴᠠᠨ ᠲᠤᠯᠢᠳᠠᠬᠤ ᠠᠵᠢᠯᠯᠠᠭ᠎ᠠ ᠮᠠᠰᠢ ᠰᠠᠶᠢᠨ ᠦᠷ᠎ᠡ ᠪᠦᠲᠦᠮᠵᠢ | ᠤᠯᠪᠠ᠂ ᠬᠤᠷᠠᠯ ᠳᠤ ᠣᠷᠣᠯᠴᠠᠭᠰᠠᠳ᠂ ᠬᠤᠶᠢᠰᠢᠳᠠ ᠦᠷᠭᠦᠯᠵᠢᠯᠡᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠨᠠᠮ ᠤᠨ | ︽ᠴᠢᠮᠡᠭᠡ ᠳᠠᠮᠵᠢᠭᠤᠯᠤᠭᠴᠢ︾ ᠶᠢ ᠰᠠᠶᠢᠲᠤᠷ ᠬᠢᠵᠦ᠂ ᠤᠯᠠᠨ ᠲᠦᠮᠡᠨ ᠯᠦᠭᠡ ᠶᠢᠨ ︽ᠰᠡᠳᠬᠢᠯ ᠢᠶᠠᠨ ᠬᠤᠯᠪᠣᠬᠤ ᠬᠥᠭᠦᠷᠭᠡ | ︾ ᠶᠢ ᠰᠠᠶᠢᠲᠤᠷ ᠪᠤᠰᠬᠠᠵᠤ᠂ ᠳᠠᠷᠠᠭᠠᠴᠢ ᠶᠢᠨ ᠠᠯᠬᠤᠮ ᠳᠤ᠂ ᠦ᠋ ᠭᠦ᠋ ᠴᠢᠤᠸᠠᠨ ᠰᠢᠶᠠᠩ ᠤᠨ ᠬᠢᠨ ᠦᠷᠭᠦᠯᠵᠢᠯᠡᠨ | ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠯᠢᠯᠴᠠᠭ᠎ᠠ ᠬᠢᠵᠦ ᠬᠠᠷᠢᠯᠴᠠᠨ | ᠲᠤᠯᠢᠳᠠᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ | | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |