ᠬᠥᠩ ᠰᠢᠤ ᠯᠦᠩ ᠱᠠᠩ ᠢ ᠰᠢᠶᠠᠨ ᠳᠤ ᠬᠦᠷᠴᠦ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠵᠠᠰᠠᠨ ᠰᠡᠷᠭᠦᠭᠡᠯᠲᠡ ᠶᠢᠨ ᠬᠠᠮᠵᠢᠯᠴᠠᠭᠠᠨ ᠤ ᠠᠵᠢᠯ ᠢ ᠵᠣᠯᠭᠠᠭᠤᠯᠵᠤ ᠰᠣᠯᠢᠯᠴᠠᠪᠠ
ᠨᠡᠶᠢᠲᠡᠯᠡᠭᠰᠡᠨ ᠴᠠᠭ᠄
2023/12/11
     12 ᠰᠠᠷ᠎ᠠ ᠶᠢᠨ 8 ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠱᠠᠩ ᠢ ᠰᠢᠶᠠᠨ ᠳᠤ ᠬᠦᠷᠴᠦ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠬᠠᠮᠵᠢᠯᠴᠠᠭᠠᠨ ᠤ ᠠᠵᠢᠯ ᠢ ᠵᠣᠯᠭᠠᠭᠤᠯᠤᠨ ᠰᠣᠯᠢᠯᠴᠠᠭᠰᠠᠨ ᠪᠥᠭᠡᠳ ᠶᠠᠷᠢᠯᠴᠠᠬᠤ ᠬᠤᠷᠠᠯ ᠬᠢᠵᠦ᠂ ᠱᠠᠩ ᠢ ᠰᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠠᠷᠢᠯᠴᠠᠬᠤ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠵᠢᠯᠴᠠᠨ ᠵᠣᠯᠭᠠᠭᠤᠯᠬᠤ ᠶᠢ ᠴᠢᠩᠭᠠᠳᠬᠠᠬᠤ᠂   ᠴᠠᠭᠠᠨ ᠨᠠᠭᠤᠷ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠬᠠᠮᠲᠤᠪᠠᠷ ᠠᠬᠢᠭᠤᠯᠬᠤ ᠶᠢᠨ ᠲᠣᠭᠤᠷᠢᠨ ᠳᠤ ᠭᠦᠨᠵᠡᠭᠡᠢ ᠰᠣᠯᠢᠯᠴᠠᠨ ᠶᠠᠷᠢᠯᠴᠠᠵᠤ᠂ ︽ᠰᠢᠩ ᠾᠧ ᠰᠢᠶᠠᠨ · ᠱᠠᠩ ᠢ ᠰᠢᠶᠠᠨ ᠤ  ᠴᠠᠭᠠᠨ ᠨᠠᠭᠤᠷ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠬᠠᠮᠵᠢᠯᠴᠠᠭᠠᠨ ᠤ ᠠᠵᠢᠯ ᠤᠨ ᠰᠠᠨᠠᠭᠤᠯᠤᠮᠵᠢ︾ ᠳᠤ ᠭᠠᠷ ᠤᠨ ᠦᠰᠦᠭ ᠵᠢᠷᠤᠪᠠ᠃      ᠬᠥᠩ ᠰᠢᠤ ᠯᠦᠩ ᠬᠡᠯᠡᠬᠦ ᠳᠡᠭᠡᠨ᠂ ᠴᠠᠭᠠᠨ ᠨᠠᠭᠤᠷ ᠤᠨ ᠠᠮᠢ ᠠᠬᠤᠶ ᠶᠢ ᠬᠠᠮᠠᠭᠠᠯᠠᠨ ᠵᠠᠰᠠᠬᠤ ᠠᠵᠢᠯ ᠢ ᠴᠢᠩᠭᠠᠳᠬᠠᠬᠤ ᠨᠢ ᠰᠠᠪᠠ ᠭᠠᠵᠠᠷ ᠤᠨ ᠳᠣᠲᠣᠷᠠᠬᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠬᠤᠶᠠᠷ ᠭᠠᠵᠠᠷ ᠤᠨ ᠬᠢᠨ ᠨᠤᠭᠤ ᠭᠠᠵᠠᠷ ᠤᠨ ᠰᠠᠪᠠ ᠭᠠᠵᠠᠷ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠵᠣᠬᠢᠰᠲᠠᠢ ᠠᠰᠢᠭᠯᠠᠵᠤ᠂ ᠵᠠᠰᠠᠯᠲᠠ ᠶᠢᠨ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠦᠭᠡᠢ ᠲᠠᠷᠢᠶᠠᠯᠠᠩ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂  ᠴᠠᠭᠠᠨ ᠨᠠᠭᠤᠷ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠪᠣᠯᠤᠨ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠱᠠᠩ ᠢ ᠰᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠢᠩ ᠡᡁᠧ ᠰᠢᠶᠠᠨ ᠪᠣᠯᠤᠨ ᠱᠠᠩ ᠢ ᠰᠢᠶᠠᠨ ᠬᠤᠶᠠᠷ ᠭᠠᠵᠠᠷ ︽ᠠᠭᠤᠯᠠ ᠤᠰᠤ ᠬᠠᠷᠢᠯᠴᠠᠨ ᠲᠦᠰᠢᠯᠴᠡᠵᠦ᠂ ᠠᠮᠢ ᠠᠬᠤᠢ ᠬᠠᠷᠢᠯᠴᠠᠨ ᠬᠤᠯᠪᠣᠯᠳᠤᠵᠤ᠂   ᠴᠠᠭᠠᠨ ᠨᠠᠭᠤᠷ ᠨᠠᠭᠤᠷ ᠨᠢᠭᠡᠨᠲᠡ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠥᠭᠵᠢᠬᠦ ᠬᠤᠯᠪᠣᠭᠠᠰᠤ ᠪᠣᠯᠪᠠ᠂ ᠬᠤᠶᠢᠰᠢᠳᠠ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ ᠬᠠᠮᠲᠤᠪᠠᠷ ᠪᠦᠳᠦᠭᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠴᠠᠭᠠᠨ ᠨᠠᠭᠤᠷ ᠨᠠᠭᠤᠷ ᠢ ᠬᠠᠮᠲᠤᠪᠠᠷ ᠰᠠᠶᠢᠲᠤᠷ ᠰᠠᠬᠢᠨ ᠬᠠᠮᠠᠭᠠᠯᠠᠵᠤ᠂ ᠠᠮᠢ ᠠᠬᠤᠢ ᠶᠢᠨ ᠦᠵᠡᠰᠬᠦᠯᠡᠩᠲᠦ ᠰᠠᠶᠢᠬᠠᠨ᠂ ᠠᠵᠤ ᠦᠢᠯᠡᠰ ᠤᠨ ᠬᠥᠭᠵᠢᠯ ᠮᠠᠨᠳᠤᠯ᠂ ᠠᠷᠠᠳ ᠢᠷᠭᠡᠳ ᠤᠨ ᠪᠠᠶᠠᠵᠢᠯ ᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠢᠯᠡᠳᠬᠡᠪᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3