ᠡᠦ ᠬᠥ᠋ ᠴᠢᠤᠸᠠᠨ ᠰᠢᠶᠠᠩ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠳᠥᠷᠪᠡᠳᠦᠭᠡᠷ ᠤᠯᠠᠷᠢᠯ ᠤᠨ ᠰᠣᠯᠢᠯᠴᠠᠭ᠎ᠠ ᠲᠣᠯᠢᠯᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/11
     ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠭᠡᠯᠡᠭᠴᠢ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ ᠂ 2023 ᠣᠨ ᠤ 12 ᠰᠠᠷ᠎ᠠ ᠶᠢᠨ 7 ᠤ ᠡᠳᠦᠷ᠂ ᠡᠦ ᠭᠦ᠋ ᠴᠢᠤᠸᠠᠨ ᠰᠢᠶᠠᠩ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠳᠥᠷᠪᠡᠳᠦᠭᠡᠷ ᠤᠯᠠᠷᠢᠯ ᠤᠨ ᠰᠣᠯᠢᠯᠴᠠᠨ ᠲᠣᠯᠢᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ︽ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ + ᠰᠣᠯᠢᠯᠴᠠᠨ ᠶᠠᠷᠢᠯᠴᠠᠬᠤ︾ ᠬᠡᠯᠪᠡᠷᠢ ᠶᠢ ᠠᠪᠴᠤ᠂ ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠬᠦᠨ᠂ ᠰᠢᠶᠠᠩ ᠤᠨ ᠬᠤᠯᠪᠣᠭ᠎ᠠ ᠠᠪᠬᠤ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠯᠪᠣᠭ᠎ᠠ ᠠᠪᠬᠤ ᠥᠷᠲᠡᠭᠡᠨ ᠤ ᠳᠠᠷᠤᠭ᠎ᠠ ᠠᠵᠢᠯᠯᠠᠭ᠎ᠠ ᠳᠤ ᠣᠷᠣᠯᠴᠠᠵᠠᠶ᠃      ᠡᠩ ᠲᠡᠷᠢᠭᠦᠨ ᠳᠤ᠂ ᠤᠯᠠᠨ ᠢᠶᠠᠷ ᠢᠶᠠᠨ ᠰᠢᠶᠤᠤ ᠵᠢᠩ ᠽᠢ ᠲᠣᠰᠬᠤᠨ ᠤ ᠬᠤᠯᠪᠣᠭ᠎ᠠ ᠠᠪᠬᠤ ᠦᠷᠳᠡᠭᠡ᠂ ᠡᠦ ᠭᠦ᠋ ᠴᠢᠤᠸᠠᠨ ᠲᠣᠰᠬᠤᠨ ᠤ ᠬᠤᠯᠪᠣᠭ᠎ᠠ ᠠᠪᠬᠤ ᠦᠷᠳᠡᠭᠡ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠠᠮᠵᠢᠨ ᠬᠤᠯᠪᠣᠭ᠎ᠠ ᠠᠪᠬᠤ ᠦᠷᠳᠡᠭᠡ ᠶᠢᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ ᠵᠢᠴᠢ ᠲᠠᠩᠰᠠ ᠡᠪᠬᠡᠮᠡᠯ ᠢ ᠲᠡᠭᠦᠯᠳᠡᠷᠵᠢᠭᠦᠯᠦᠭᠰᠡᠨ ᠪᠠᠶᠢᠳᠠᠯ ᠢ ᠣᠶᠢᠯᠠᠭᠠᠬᠤ ᠶᠢᠨ ᠬᠠᠮᠲᠤ ᠠᠵᠢᠯᠲᠠᠳ ppt ᠬᠡᠯᠪᠡᠷᠢ ᠪᠠᠷ ᠲᠥᠯᠥᠭᠡᠯᠡᠭᠴᠢ ᠭᠡᠰᠢᠭᠦᠨ ᠤ ᠠᠵᠢᠯ ᠤᠨ ᠪᠠᠶᠢᠳᠠᠯ ᠢ ᠲᠠᠶᠢᠯᠪᠤᠷᠢᠯᠠᠪᠠ᠃ ᠳᠠᠷᠠᠭ᠎ᠠ ᠳᠤᠨᠢ᠂ ᠠᠵᠢᠯᠯᠠᠭ᠎ᠠ ᠳᠤ ᠣᠷᠣᠯᠴᠠᠭᠰᠠᠨ ᠪᠦᠬᠦ ᠬᠥᠮᠦᠰ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠠᠷᠢᠯᠴᠠᠬᠤ ᠲᠠᠰᠤᠭ ᠲᠤ ᠰᠣᠯᠢᠯᠴᠠᠨ ᠶᠠᠷᠢᠯᠴᠠᠬᠤ ᠬᠤᠷᠠᠯ ᠥᠷᠨᠢᠭᠦᠯᠵᠡᠢ᠃ ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶ᠎ᠡ ᠶᠢᠨ ᠱᠦᠵᠢ ᠸᠠᠩ ᠯᠢᠨ᠂ ᠡᠯ᠎ᠡ ᠬᠤᠯᠪᠣᠭᠠᠨ ᠤ ᠦᠷᠳᠡᠭᠡ ᠶᠢᠨ ᠳᠠᠷᠤᠭ᠎ᠠ ᠨᠠᠷ ᠲᠤᠰ ᠤᠳᠠᠭ᠎ᠠ ᠶᠢᠨ ᠲᠣᠭᠤᠷᠢᠨ ᠦᠵᠡᠵᠦ ᠰᠣᠯᠢᠯᠴᠠᠭ᠎ᠠ ᠬᠢᠵᠦ ᠬᠠᠷᠢᠯᠴᠠᠨ ᠲᠤᠯᠢᠳᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠵᠤ᠂ ᠰᠠᠨᠠᠯ ᠵᠥᠪᠯᠡᠯᠭᠡ ᠳᠤᠷᠠᠳᠴᠤ ᠠᠷᠭ᠎ᠠ ᠤᠬᠠᠭᠠᠨ ᠭᠠᠷᠭᠠᠬᠤ᠂ ᠵᠢᠱᠢᠶᠡᠴᠢ ᠪᠠᠷ ᠳᠠᠭᠠᠭᠤᠯᠬᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠭᠦᠢᠴᠡᠳᠬᠡᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠲᠤᠰ ᠤᠳᠠᠭ᠎ᠠ ᠶᠢᠨ ᠰᠣᠯᠢᠯᠴᠠᠭ᠎ᠠ ᠬᠢᠵᠦ ᠬᠠᠷᠢᠯᠴᠠᠨ ᠲᠤᠯᠢᠳᠠᠬᠤ ᠠᠵᠢᠯᠯᠠᠭ᠎ᠠ ᠮᠠᠰᠢ ᠰᠠᠶᠢᠨ ᠦᠷ᠎ᠡ ᠪᠦᠲᠦᠮᠵᠢ ᠤᠯᠪᠠ᠂ ᠬᠤᠷᠠᠯ ᠳᠤ ᠣᠷᠣᠯᠴᠠᠭᠰᠠᠳ᠂ ᠬᠤᠶᠢᠰᠢᠳᠠ ᠦᠷᠭᠦᠯᠵᠢᠯᠡᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠨᠠᠮ ᠤᠨ ︽ᠴᠢᠮᠡᠭᠡ ᠳᠠᠮᠵᠢᠭᠤᠯᠤᠭᠴᠢ︾ ᠶᠢ ᠰᠠᠶᠢᠲᠤᠷ ᠬᠢᠵᠦ᠂ ᠤᠯᠠᠨ ᠲᠦᠮᠡᠨ ᠯᠦᠭᠡ ᠶᠢᠨ ︽ᠰᠡᠳᠬᠢᠯ ᠢᠶᠠᠨ ᠬᠤᠯᠪᠣᠬᠤ ᠬᠥᠭᠦᠷᠭᠡ ︾ ᠶᠢ ᠰᠠᠶᠢᠲᠤᠷ ᠪᠤᠰᠬᠠᠵᠤ᠂ ᠳᠠᠷᠠᠭᠠᠴᠢ ᠶᠢᠨ ᠠᠯᠬᠤᠮ ᠳᠤ᠂ ᠦ᠋ ᠭᠦ᠋ ᠴᠢᠤᠸᠠᠨ ᠰᠢᠶᠠᠩ ᠤᠨ ᠬᠢᠨ ᠦᠷᠭᠦᠯᠵᠢᠯᠡᠨ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠯᠢᠯᠴᠠᠭ᠎ᠠ ᠬᠢᠵᠦ ᠬᠠᠷᠢᠯᠴᠠᠨ ᠲᠤᠯᠢᠳᠠᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3