︽ᠤᠯᠠᠭᠠᠨᠴᠠᠪ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/20
      ᠨᠢᠭᠡ᠂ ︽ᠲᠥᠰᠥᠯ︾ ᠢ ᠲᠣᠭᠲᠠᠭᠠᠭᠰᠠᠨ ᠠᠬᠤᠢ ᠪᠠᠶᠢᠳᠠᠯ      ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ᠂ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠃ ᠨᠠᠮ ᠤᠨ ᠲᠥᠪ ᠬᠤᠷᠢᠶ᠎ᠠ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠬᠤ ᠶᠠᠪᠤᠳᠠᠯ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂ ᠮᠠᠨ ᠤ ᠤᠯᠤᠰ ᠤᠨ ᠨᠠᠰᠤᠲᠠᠶᠢᠴᠤᠳ ᠤᠨ ᠬᠥᠮᠥᠨ ᠠᠮᠠ ᠶᠢᠨ ᠬᠡᠪᠴᠢᠶ᠎ᠡ ᠨᠠᠰᠤᠵᠢᠯ ᠤᠨ ᠬᠤᠷᠳᠤᠴᠠ ᠲᠦᠷᠭᠡᠨ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢᠨ ᠪᠦᠲᠦᠴᠡ ᠣᠳᠣ ᠶᠠᠭ ᠣᠷᠣᠰᠢᠨ ᠲᠣᠭᠲᠠᠨᠢᠬᠤ ᠬᠡᠯᠪᠡᠷᠢ ᠠᠴᠠ ᠪᠠᠨ ᠬᠥᠭᠵᠢᠯᠲᠡ ᠶᠢᠨ ᠬᠡᠯᠪᠡᠷᠢ ᠲᠡᠶᠢᠰᠢ ᠬᠤᠪᠢᠷᠠᠵᠤ ᠪᠠᠶᠢᠨ᠎ᠠ᠂ ᠨᠠᠰᠤᠵᠢᠯ ᠤᠨ ᠦᠢᠯᠡᠰ ᠪᠠ ᠨᠠᠰᠤᠵᠢᠯ ᠤᠨ ᠦᠢᠯᠡᠴᠢᠯᠡᠭᠡ ᠳᠤ ᠪᠠᠰᠠ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ᠂ ᠡᠨᠡ ᠨᠢ ᠭᠤᠣᠯᠳᠠᠭᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠥᠨᠳᠥᠷ ᠪᠢᠰᠢ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠣᠯᠣᠨ ᠰᠢᠯᠢᠳᠡᠭ ᠲᠦᠭᠡᠮᠡᠯ ᠬᠠᠷᠠᠭᠠᠯᠵᠠᠯ ᠤᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠣᠨᠴᠠᠭᠠᠶᠢᠯᠠᠨ ᠠᠰᠠᠷᠠᠭᠴᠢ ᠲᠤᠲᠠᠭᠳᠠᠵᠤ ᠪᠠᠶᠢᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠬᠦᠨ ᠤ ᠲᠤᠯᠭᠠᠭᠤᠷᠢᠯᠠᠯ ᠢ ᠴᠢᠩᠭᠠᠳᠬᠠᠬᠤ ᠴᠢᠬᠤᠯᠠᠲᠠᠢ ᠪᠠᠶᠢᠬᠤ᠂ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠲᠠᠯ᠎ᠠ ᠪᠠᠷ ᠢᠯᠡᠷᠡᠵᠦ ᠪᠠᠶᠢᠨ᠎ᠠ᠃ ᠬᠥᠮᠥᠨ ᠠᠮᠠ ᠶᠢᠨ ᠨᠠᠰᠤᠵᠢᠯᠲᠠ ᠶᠢᠨ ᠠᠬᠢᠴᠠ ᠯᠤᠭ᠎ᠠ ᠵᠣᠬᠢᠴᠠᠯᠳᠤᠭᠰᠠᠨ ᠨᠠᠰᠤᠵᠢᠯ ᠤᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠡᠳᠦᠷ ᠢᠷᠡᠬᠦᠶ᠎ᠡ ᠲᠣᠪᠤᠶᠢᠮ᠎ᠠ ᠪᠣᠯᠵᠤ᠂ ᠡᠭᠦᠷᠭᠡ ᠨᠡᠩ ᠬᠠᠲᠠᠭᠤ ᠪᠡᠷᠬᠡ ᠨᠦᠰᠡᠷ ᠬᠦᠨᠳᠦ ᠪᠣᠯᠵᠤ ᠪᠠᠶᠢᠨ᠎ᠠ᠃      ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠬᠤ ᠶᠢᠨ ᠲᠥᠯᠥᠭᠡ᠂ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠲᠣᠬᠢᠷᠠᠭᠤᠯᠤᠨ ᠪᠠᠶᠢᠭᠤᠯᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢᠨ ᠬᠡᠷᠡᠭᠵᠢᠭᠦᠯᠬᠦ ᠲᠥᠰᠥᠯ︾ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃      ᠬᠤᠶᠠᠷ᠂ ᠦᠨᠳᠦᠰᠦᠨ ᠵᠠᠷᠴᠢᠮ      ᠡᠯ᠎ᠡ ᠬᠤᠲᠠ ᠪᠠᠯᠭᠠᠰᠤ ᠨᠢ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠳᠤ ᠬᠡᠷᠡᠭᠯᠡᠬᠦ ᠭᠡᠷ ᠪᠠᠶᠢᠰᠢᠩ ᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠯᠦᠪᠵᠢᠭᠦᠯᠭᠡ ᠳᠤ ᠣᠷᠣᠭᠤᠯᠵᠤ᠂ ᠣᠷᠣᠨ ᠰᠠᠭᠤᠴᠠ ᠯᠤᠭ᠎ᠠ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ ᠪᠦᠲᠦᠭᠡᠨ ᠪᠠᠶᠢᠭᠤᠯᠵᠤ᠂ ᠵᠡᠷᠭᠡ ᠳᠤᠨᠢ ᠰᠢᠯᠭᠠᠨ ᠠᠪᠴᠤ᠂ ᠵᠡᠷᠭᠡ ᠳᠤᠨᠢ ᠲᠤᠰᠢᠶᠠᠨ ᠬᠡᠷᠡᠭᠯᠡᠭᠦᠯᠵᠦ᠂ 2022 ᠣᠨ ᠠᠴᠠ ᠡᠬᠢᠯᠡᠨ᠂ ᠪᠥᠬᠦ ᠬᠤᠲᠠ ᠶᠢᠨ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ ᠬᠦᠷᠦᠭᠦᠯᠦᠨ᠎ᠡ᠃ 2022 ᠣᠨ ᠤ ᠲᠣᠰ ᠵᠢᠯ ᠤᠨ ᠪᠠᠷᠢᠯᠭ᠎ᠠ ᠳᠠᠭᠤᠰᠬᠠᠭᠰᠠᠨ ᠪᠣᠯᠪᠠᠴᠤ ᠪᠠᠷᠢᠮᠵᠢᠶ᠎ᠠ ᠳᠤ ᠥᠯᠥ ᠬᠦᠷᠦᠭᠰᠡᠨ ᠣᠷᠣᠨ ᠰᠠᠭᠤᠴᠠ ᠶᠢᠨ ᠲᠣᠭᠤᠷᠢᠭ ᠢ ᠨᠥᠬᠦᠨ ᠪᠠᠶᠢᠭᠤᠯᠬᠤ᠂ ᠬᠤᠳᠠᠯᠳᠤᠨ ᠠᠪᠬᠤ᠂ ᠰᠣᠯᠢᠬᠤ᠂ ᠰᠤᠯᠠᠯᠠᠵᠤ ᠪᠤᠴᠠᠭᠠᠬᠤ᠂ ᠲᠦᠷᠢᠶᠡᠰᠦᠯᠡᠬᠦ᠂ ᠥᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠢ ᠲᠦᠷᠭᠡᠨ ᠢᠶᠠᠷ ᠲᠣᠬᠢᠷᠠᠭᠤᠯᠤᠨ ᠪᠦᠷᠢᠳᠦᠭᠦᠯᠦᠨ᠎ᠡ᠃ ᠬᠡᠪᠴᠢᠶ᠎ᠡ ᠪᠠᠷ ᠨᠡᠯᠢᠶᠡᠳ ᠪᠠᠭ᠎ᠠ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠨᠢ ᠡᠷᠬᠢᠨ ᠲᠣᠭᠤᠷᠢᠨ ᠤ ᠰᠠᠭᠤᠭ᠎ᠠ ᠭᠠᠵᠠᠷ ᠲᠠᠢ ᠪᠠᠨ ᠲᠦᠷᠭᠡᠨ ᠨᠢᠭᠡᠳᠦᠯᠲᠡᠢ ᠲᠥᠯᠥᠪᠯᠡᠵᠦ ᠪᠠᠷᠢᠮᠵᠢᠶ᠎ᠠ ᠳᠤ ᠬᠦᠷᠦᠭᠦᠯᠦᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠵᠤ ᠪᠣᠯᠣᠨ᠎ᠠ᠃ ᠬᠤᠲᠠ ᠪᠠᠯᠭᠠᠰᠤ ᠶᠢᠨ ᠵᠠᠮ᠂ ᠵᠦᠯᠭᠡ ᠭᠠᠵᠠᠷ ᠤᠨ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠪᠠᠷᠢᠯᠭ᠎ᠠ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠬᠦᠬᠡᠷᠦᠮᠵᠢ᠂ ᠣᠷᠣᠨ ᠰᠠᠭᠤᠴᠠ ᠶᠢᠨ ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠨ᠎ᠡ ᠪᠠᠷ ︵ᠥᠭᠡᠷᠡᠴᠢᠯᠡᠨ ᠪᠠᠶᠢᠭᠤᠯᠬᠤ᠂ ᠥᠷᠭᠡᠳᠬᠡᠬᠦ︶ ᠪᠠᠶᠢᠭᠤᠯᠬᠤ ᠳᠤ᠂ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠬᠠᠷᠰᠢ ᠰᠠᠭᠠᠳ ᠦᠭᠡᠢ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠬᠡᠷᠡᠭᠲᠡᠢ᠃ 2025 ᠣᠨ ᠪᠣᠯᠬᠤ ᠳᠤ᠂ ᠪᠥᠬᠦ ᠬᠤᠲᠠ ᠶᠢᠨ ᠬᠤᠲᠠ ᠪᠠᠯᠭᠠᠰᠤ ᠶᠢᠨ ᠵᠠᠮ ᠤᠨ ᠰᠠᠭᠠᠳ ᠦᠭᠡᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠣᠷᠮ᠎ᠠ᠂ ᠣᠯᠠᠨ ᠨᠡᠶᠢᠲᠡ ᠶᠢᠨ ᠪᠠᠷᠢᠯᠭ᠎ᠠ ᠶᠢᠨ ᠰᠠᠭᠠᠳ ᠦᠭᠡᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠣᠷᠮ᠎ᠠ ᠶᠢ ᠴᠥᠮ 100% ᠳᠤ ᠬᠦᠷᠦᠭᠦᠯᠦᠨ᠎ᠡ᠃      ᠭᠤᠷᠪᠠ᠂ ᠪᠢᠴᠢᠭ ᠮᠠᠲ᠋ᠧᠷᠢᠶᠠᠯ ᠤᠨ ᠦᠨᠳᠦᠰᠦᠯᠡᠯ      ︽ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹2022︺ 44 ᠳ᠋ᠤᠭᠡᠷ ᠲᠣᠭᠠᠲᠤ︶᠃      ᠳᠥᠷᠪᠡ᠂ ︽ᠲᠥᠰᠥᠯ︾ ᠤᠨ ᠭᠤᠣᠯ ᠡᠭᠦᠷᠭᠡ      ︵ᠨᠢᠭᠡ︶ ᠢᠵᠢᠯ ᠠᠯᠬᠤᠮ ᠢᠶᠠᠷ ᠲᠥᠯᠥᠪᠵᠢᠭᠦᠯᠬᠦ      1. ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠲᠤᠰᠬᠠᠢ ᠵᠦᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠬᠠᠮᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠯᠦᠪᠵᠢᠭᠦᠯᠭᠡ ᠪᠤᠶᠤ ᠲᠥᠰᠥᠯ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠬᠤ᠂ ᠳᠠᠩᠰᠠᠯᠠᠬᠤ ᠠᠵᠢᠯ ᠢ ᠭᠦᠢᠴᠡᠳᠬᠡᠬᠦ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠠᠤᠯᠢ ᠶᠣᠰᠣᠭᠠᠷ ᠵᠥᠪᠰᠢᠶᠡᠷᠡᠭᠰᠡᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ᠭᠤᠣᠯ ᠠᠭᠤᠯᠭ᠎ᠠ ᠶᠢ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠳᠤ ᠣᠷᠣᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠵᠢᠷᠤᠭ︾ ᠲᠤ ᠳᠠᠪᠬᠤᠴᠠᠭᠤᠯᠤᠨ ᠴᠢᠩᠭ᠎ᠠ ᠬᠡᠷᠡᠭᠵᠢᠭᠦᠯᠬᠦ ᠶᠢ ᠬᠠᠷᠢᠭᠤᠴᠠᠨ᠎ᠠ᠃      2. ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠤᠨ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠨᠥᠬᠦᠴᠡᠯ ᠢ ᠬᠢᠨᠠᠨ ᠣᠯᠭᠤᠬᠤ ᠳᠠᠭᠠᠨ᠂ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠵᠡᠷᠭᠡ ᠳᠤᠨᠢ ᠳᠤᠷᠠᠳᠬᠤ ᠬᠡᠷᠡᠭᠲᠡᠢ᠃ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠲᠥᠰᠥᠯ ᠢ ᠲᠣᠭᠲᠠᠭᠠᠬᠤ ᠦᠶ᠎ᠡ ᠳᠤ᠂ ᠲᠣᠭᠲᠠᠭᠠᠭᠰᠠᠨ ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠭᠡᠨ ᠤ ᠲᠦᠬᠦᠬᠡᠷᠦᠮᠵᠢ ᠪᠣᠯᠣᠨ ᠬᠠᠷᠰᠢ ᠰᠠᠭᠠᠳ ᠦᠭᠡᠢ ᠲᠦᠬᠦᠬᠡᠷᠦᠮᠵᠢ ᠲᠣᠬᠢᠷᠠᠭᠤᠯᠤᠨ ᠪᠠᠶᠢᠭᠤᠯᠬᠤ ᠪᠠᠷᠢᠮᠵᠢᠶ᠎ᠠ ᠵᠡᠷᠭᠡ ᠲᠥᠯᠦᠪᠵᠢᠭᠦᠯᠭᠡ ᠶᠢᠨ ᠨᠥᠬᠦᠴᠡᠯ ᠵᠢᠴᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠨᠠᠰᠤᠵᠢᠯ ᠤᠨ ᠠᠰᠠᠷᠠᠮᠵᠢ ᠶᠢᠨ ᠲᠦᠬᠦᠬᠡᠷᠦᠮᠵᠢ ᠲᠣᠬᠢᠷᠠᠭᠤᠯᠤᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠪᠣᠳᠠᠲᠠᠢ ᠪᠦᠲᠦᠭᠡᠨ ᠪᠠᠶᠢᠭᠤᠯᠬᠤ ᠪᠠᠷᠢᠮᠵᠢᠶ᠎ᠠ ᠬᠢᠭᠡᠳ ᠲᠤᠰᠢᠶᠠᠨ ᠥᠭᠬᠦ ᠱᠠᠭᠠᠷᠳᠠᠯᠭ᠎ᠠ ᠵᠡᠷᠭᠡ ᠶᠢ ᠭᠠᠵᠠᠷ ᠰᠢᠷᠣᠢ ᠬᠠᠩᠭᠠᠬᠤ ᠤᠷᠢᠲᠠᠯ ᠨᠥᠬᠦᠴᠡᠯ ᠪᠣᠯᠭᠠᠵᠤ᠂ ᠭᠠᠷᠭᠠᠵᠤ ᠥᠭᠬᠦ ᠠᠯᠪᠠᠨ ᠵᠠᠷ ᠪᠣᠯᠣᠨ ᠭᠠᠷᠭᠠᠵᠤ ᠥᠭᠬᠦ ᠳᠤ ᠡᠷᠬᠡᠪᠰᠢ ᠮᠡᠳᠡᠬᠦ ᠵᠦᠢᠯ ᠳᠤ ᠣᠷᠣᠭᠤᠯᠬᠤ ᠶᠢᠨ ᠵᠡᠷᠭᠡᠴᠡᠪᠡᠷ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠭᠠᠷᠭᠠᠵᠤ ᠥᠭᠬᠦ ᠭᠡᠷ᠎ᠡ︾ ᠳᠤ ᠪᠢᠴᠢᠵᠦ ᠣᠷᠣᠭᠤᠯᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠢ᠃      3. ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠥᠷᠢᠰᠦᠯᠳᠦᠨ ᠣᠯᠣᠭᠴᠢ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠳᠤ ᠭᠠᠷ ᠤᠨ ᠥᠰᠥᠭ ᠵᠢᠷᠤᠬᠤ ᠳᠠᠭᠠᠨ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠯᠦᠭᠡ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠤᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ᠰᠢᠯᠵᠢᠭᠦᠯᠦᠨ ᠲᠤᠰᠢᠶᠠᠬᠤ ᠠᠮᠠᠯᠠᠯᠲᠠ ᠶᠢᠨ ᠪᠢᠴᠢᠭ ᠲᠣᠭᠲᠠᠵᠤ᠂ ᠪᠦᠲᠦᠭᠡᠨ ᠪᠠᠶᠢᠭᠤᠯᠬᠤ ᠠᠭᠤᠯᠭ᠎ᠠ᠂ ᠪᠦᠲᠦᠭᠡᠨ ᠪᠠᠶᠢᠭᠤᠯᠬᠤ ᠪᠠᠷᠢᠮᠵᠢᠶ᠎ᠠ᠂ ᠠᠵᠢᠯ ᠡᠬᠢᠯᠡᠭᠦᠯᠬᠦ ᠬᠤᠭᠤᠴᠠᠭ᠎ᠠ ᠬᠢᠵᠠᠭᠠᠷ᠂ ᠰᠢᠯᠵᠢᠭᠦᠯᠦᠨ ᠲᠤᠰᠢᠶᠠᠬᠤ ᠠᠷᠭ᠎ᠠ ᠮᠠᠶ᠋ᠢᠭ᠂ ᠭᠡᠷ᠎ᠡ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃      4. ᠪᠦᠲᠦᠭᠡᠨ ᠪᠠᠶᠢᠭᠤᠯᠬᠤ ᠨᠢᠭᠡᠴᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠤᠨ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠳᠠᠭᠠᠨ᠂ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠢᠷᠤᠭ ᠳᠡᠭᠡᠷ᠎ᠡ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠬᠡᠷᠡᠭᠯᠡᠬᠦ ᠭᠡᠷ ᠪᠠᠶᠢᠰᠢᠩ ᠤᠨ ᠪᠣᠳᠠᠲᠠᠢ ᠣᠷᠣᠨ ᠪᠠᠶᠢᠷᠢ ᠪᠠ ᠪᠠᠷᠢᠯᠭ᠎ᠠ ᠶᠢᠨ ᠲᠠᠯᠠᠪᠠᠶ ᠶᠢ ᠲᠣᠳᠣᠷᠬᠠᠶᠢᠯᠠᠬᠤ ᠬᠡᠷᠡᠭᠲᠡᠢ᠃      5. ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠢ ᠭᠦᠢᠴᠡᠳᠬᠡᠬᠦ ᠳᠡᠭᠡᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠪᠠ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠵᠥᠪᠰᠢᠶᠡᠷᠡᠯ ᠤᠨ ᠦᠨᠡᠮᠯᠡᠯ ᠣᠯᠭᠤᠬᠤ ᠦᠭᠡᠢ᠃      ︵ᠬᠤᠶᠠᠷ︶ ᠵᠡᠷᠭᠡ ᠳᠤᠨᠢ ᠪᠦᠲᠦᠭᠡᠨ ᠪᠠᠶᠢᠭᠤᠯᠬᠤ      1. ᠪᠦᠲᠦᠭᠡᠨ ᠪᠠᠶᠢᠭᠤᠯᠬᠤ ᠨᠢᠭᠡᠴᠢ ᠨᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠪᠠᠷᠢᠯᠭ᠎ᠠ ᠶᠢᠨ ᠵᠢᠷᠤᠭ ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠳᠠᠭᠠᠨ᠂ ᠵᠢᠷᠤᠭᠯᠠᠨ ᠲᠥᠯᠥᠪᠯᠡᠭᠰᠡᠨ ᠨᠢᠭᠡᠴᠢ ᠨᠢ ᠲᠣᠰ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠵᠢᠷᠤᠭᠯᠠᠨ ᠲᠥᠯᠥᠪᠯᠡᠭᠰᠡᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠶᠢ ᠱᠠᠭᠠᠷᠳᠠᠬᠤ ᠬᠡᠷᠡᠭᠲᠡᠢ᠃      2. ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠪᠠᠷᠢᠯᠭ᠎ᠠ ᠶᠢᠨ ᠵᠢᠷᠤᠭ ᠢ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠠᠭᠠᠨ ᠱᠠᠭᠠᠷᠳᠠᠯᠭ᠎ᠠ ᠪᠠᠷ ᠴᠢᠩᠭ᠎ᠠ ᠠᠳᠬᠤᠬᠤ ᠬᠡᠷᠡᠭᠲᠡᠢ᠃      3. ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ︶ ᠶᠢᠨ ᠰᠠᠯᠠᠭ᠎ᠠ ᠮᠥᠴᠢᠷ ᠤᠳ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠬᠦ ᠳᠡᠭᠡᠨ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠢᠴᠢᠭ ᠲᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠡᠰᠡᠬᠦ ᠶᠢ ᠴᠢᠩᠭ᠎ᠠ ᠬᠢᠨᠠᠨ ᠬᠠᠷᠭᠤᠭᠤᠯᠵᠤ᠂ ᠲᠥᠯᠦᠪᠵᠢᠭᠦᠯᠭᠡ ᠶᠢᠨ ᠶᠣᠰᠣᠭᠠᠷ ᠢᠵᠢ ᠪᠦᠷᠢᠳᠦᠭᠦᠯᠦᠨ ᠵᠢᠷᠤᠵᠤ ᠲᠥᠯᠥᠪᠯᠡᠭᠰᠡᠨ ᠦᠭᠡᠢ ᠪᠠᠶᠢᠪᠠᠯ ᠬᠢᠨᠠᠨ ᠬᠠᠷᠭᠤᠭᠤᠯᠵᠤ ᠪᠠᠲᠤᠯᠠᠬᠤ ᠦᠭᠡᠢ᠃      4. ᠪᠠᠷᠢᠯᠭ᠎ᠠ ᠪᠠᠷᠢᠭᠤᠯᠬᠤ ᠨᠢᠭᠡᠴᠢ ᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ  ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠪᠣᠯᠣᠨ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠬᠡᠷᠦᠮᠵᠢ ᠶᠢᠨ ᠬᠡᠷᠡᠭᠯᠡᠬᠦ ᠭᠡᠷ ᠪᠠᠶᠢᠰᠢᠩ ᠤᠨ ᠬᠡᠷᠡᠮ ᠢ ᠲᠦᠷᠪᠡᠨ ᠬᠠᠨ᠎ᠡ ᠨᠢ ᠴᠠᠭᠠᠨ᠂ ᠱᠦᠢᠨᠢ ᠶᠢᠨ ᠭᠠᠵᠠᠷ ᠤᠨ ᠭᠠᠳᠠᠷᠭᠤ ᠨᠢ ᠲᠡᠭᠰᠢᠬᠡᠨ ᠪᠠᠶᠢᠯᠭᠠᠬᠤ᠂ ᠡᠭᠦᠳᠡ ᠴᠣᠩᠬᠤ᠂ ᠵᠣᠷᠯᠣᠩ᠂ ᠤᠰᠤ ᠴᠠᠬᠢᠯᠭᠠᠨ ᠬᠡᠢ ᠳᠤᠯᠠᠭᠠᠯᠠᠭ᠎ᠠ᠂ ᠰᠠᠭᠠᠳ ᠦᠭᠡᠢ ᠵᠡᠷᠭᠡ ᠲᠦᠬᠦᠬᠡᠷᠦᠮᠵᠢ ᠶᠢ ᠪᠦᠷᠢᠨ ᠭᠦᠢᠴᠡᠳ ᠪᠠᠶᠢᠯᠭᠠᠬᠤ ᠶᠢ ᠦᠨᠡᠨᠬᠦ ᠪᠠᠲᠤᠯᠠᠵᠤ᠂ ᠲᠥᠬᠦᠮ ᠢᠶᠠᠷ ᠵᠠᠰᠠᠵᠤ ᠴᠢᠮᠡᠭᠯᠡᠪᠡᠯ ᠳᠠᠷᠤᠢ ᠬᠡᠷᠡᠭᠯᠡᠵᠦ ᠪᠣᠯᠬᠤ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃      5. ᠪᠦᠲᠦᠭᠡᠨ ᠪᠠᠶᠢᠭᠤᠯᠬᠤ ᠨᠢᠭᠡᠴᠢ ᠨᠢ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠠᠭᠠᠳ ᠦᠭᠡᠢ ᠲᠦᠬᠦᠬᠡᠷᠦᠮᠵᠢ ᠶᠢᠨ ᠵᠢᠷᠤᠭᠯᠠᠨ ᠲᠥᠯᠥᠪᠯᠡᠭᠰᠡᠨ ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠤᠨᠴᠠᠭᠠᠢ ᠪᠠᠶᠢᠳᠠᠯ ᠠᠴᠠ ᠪᠣᠯᠵᠤ ᠬᠤᠪᠢᠷᠠᠭᠤᠯᠬᠤ ᠴᠢᠬᠤᠯᠠ ᠲᠠᠢ ᠪᠣᠯ᠂ ᠤᠤᠯ ᠤᠨ ᠬᠢᠨᠠᠨ ᠪᠠᠢᠴᠠᠭᠠᠭᠰᠠᠨ ᠰᠠᠯᠠᠭ᠎ᠠ ᠮᠥᠴᠢᠷ ᠢᠶᠠᠷ ᠬᠢᠨᠠᠭᠤᠯᠵᠤ ᠵᠥᠪᠰᠢᠶᠡᠷᠡᠭᠦᠯᠬᠦ ᠬᠡᠷᠡᠭᠲᠡᠢ᠃      ︵ᠭᠤᠷᠪᠠ︶ ᠪᠠᠷᠢᠯᠭ᠎ᠠ ᠳᠠᠭᠤᠰᠤᠭᠰᠠᠨ ᠢ ᠵᠡᠷᠭᠡ ᠲᠤᠨᠢ ᠰᠢᠯᠭᠠᠨ ᠠᠪᠬᠤ      1. ᠪᠦᠲᠦᠭᠡᠨ ᠪᠠᠶᠢᠭᠤᠯᠬᠤ ᠨᠢᠭᠡᠴᠡ ᠨᠢ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ᠂ ᠬᠠᠷᠰᠢ ᠰᠠᠭᠠᠳ ᠦᠭᠡᠢ ᠲᠦᠬᠦᠬᠡᠷᠦᠮᠵᠢ ᠶᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠯᠤᠭ᠎ᠠ ᠪᠦᠬᠦᠯᠢ ᠴᠣᠭᠴᠠ ᠪᠠᠷ ᠨᠢ ᠵᠡᠷᠭᠡ ᠳᠤᠨᠢ ᠰᠢᠯᠭᠠᠨ ᠬᠤᠷᠢᠶᠠᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃      2. ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠨᠢ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠵᠤ᠂ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠤᠭᠰᠠᠨ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠳᠤ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠭᠰᠠᠨ ᠬᠢᠷᠢ ᠲᠡᠩᠴᠡᠭᠰᠡᠨ ᠦᠨᠡᠮᠯᠡᠯ ᠢ ᠬᠢᠨᠠᠨ ᠣᠯᠭᠤᠵᠤ ᠪᠣᠯᠬᠤ ᠦᠭᠡᠢ᠃     3. ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠤᠭᠰᠠᠨ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠳᠤ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠪᠦᠷᠢᠳᠬᠡᠨ ᠳᠠᠩᠰᠠᠯᠠᠬᠤ ᠭᠠᠷᠳᠠᠮ ᠭᠦᠢᠴᠡᠳᠬᠡᠵᠦ ᠥᠭᠬᠦ ᠦᠭᠡᠢ᠃      ︵ᠳᠥᠷᠪᠡ︶ ᠵᠡᠷᠭᠡ ᠲᠤᠨᠢ ᠲᠤᠰᠢᠶᠠᠨ ᠥᠭᠴᠦ ᠬᠡᠷᠡᠭᠯᠡᠭᠦᠯᠬᠦ      1. ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠲᠥᠷᠥᠯ ᠵᠦᠢᠯ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠢ ᠨᠢ ᠪᠣᠯᠵᠣᠨ ᠲᠣᠭᠲᠠᠭᠰᠠᠨ ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ᠬᠠᠷᠢᠶ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠨᠠᠰᠤᠵᠢᠯ ᠤᠨ ᠦᠢᠯᠡᠴᠢᠯᠡᠭᠡᠨ ᠳᠤ ᠬᠡᠷᠡᠭᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠡᠮᠦᠨᠡᠬᠢ ᠬᠤᠭᠤᠴᠠᠭᠠᠨ ᠤ ᠭᠠᠷᠳᠠᠮ᠂ ᠪᠠᠷᠢᠯᠭ᠎ᠠ ᠳᠠᠭᠤᠰᠤᠭᠰᠠᠨ ᠵᠢᠷᠤᠭ ᠵᠡᠷᠭᠡ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠢ ᠬᠠᠮᠲᠤ ᠳᠤᠨᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠰᠢᠯᠵᠢᠬᠦᠯᠦᠨ ᠳᠤᠰᠢᠶᠠᠬᠤ ᠬᠡᠷᠡᠭᠳᠡᠢ᠃      2. ᠪᠦᠲᠦᠭᠡᠨ ᠪᠠᠶᠢᠭᠤᠯᠬᠤ ᠨᠢᠭᠡᠴᠢ ᠨᠢ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ ᠪᠠᠷ ᠭᠤᠶᠤᠴᠢᠯᠠᠬᠤ ᠦᠶ᠎ᠡ ᠳᠤ᠂ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠰᠠᠭᠤᠭᠠᠯᠢ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠬᠡᠷᠡᠭᠯᠡᠬᠦ ᠭᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠢ ᠬᠠᠮᠲᠤ ᠳᠤᠨᠢ ᠭᠤᠶᠤᠴᠢᠯᠠᠵᠤ ᠪᠣᠯᠣᠨ᠎ᠠ᠃      3. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ︽ᠨᠢᠭᠡ ᠲᠦᠬᠦᠬᠡᠷᠦᠮᠵᠢ᠂ ᠨᠢᠭᠡ ᠲᠠᠩᠰᠠ ᠡᠪᠬᠡᠮᠡᠯ︾ ᠤᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠢ ᠳᠡᠩᠰᠡᠯᠡᠨ ᠲᠡᠮᠳᠡᠭᠯᠡᠵᠦ᠂ ᠨᠢᠭᠡᠨᠲᠡ ᠲᠤᠰᠢᠶᠠᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠳᠤ ᠬᠡᠷᠡᠭᠯᠡᠬᠦ ᠭᠡᠷ ᠪᠠᠶᠢᠰᠢᠩ ᠢ ᠠᠵᠢᠯᠯᠠᠭᠤᠯᠵᠤ ᠬᠠᠮᠠᠭᠠᠯᠠᠬᠤ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠬᠤ ᠶᠢᠨ ᠬᠠᠮᠲᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠂ ᠰᠢᠯᠵᠢᠭᠦᠯᠦᠨ ᠥᠭᠬᠦ᠂ ᠪᠠᠷᠢᠴᠠᠭᠠᠯᠠᠬᠤ ᠪᠤᠶᠤ ᠬᠡᠷᠡᠭᠯᠡᠬᠦ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠬᠤ ᠳᠤ ᠬᠡᠷᠡᠭᠯᠡᠵᠦ ᠪᠣᠯᠬᠤ ᠦᠭᠡᠢ᠃      ᠲᠠᠪᠤ᠂ ︽ᠲᠥᠰᠥᠯ︾ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ      ︽ᠲᠥᠰᠥᠯ︾ ᠳᠤ ᠤᠯᠠᠭᠠᠨᠴᠠᠪ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢᠨ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠭᠲᠠᠭᠠᠵᠤ᠂ ᠡᠭᠦᠨ ᠳᠤ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠ ᠡᠯ᠎ᠡ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢᠨ ᠠᠵᠢᠯ ᠢ ᠬᠠᠷᠢᠭᠤᠴᠠᠬᠤ ᠭᠤᠣᠯ ᠬᠠᠷᠢᠭᠤᠴᠠᠯᠭᠠᠲᠠᠨ ᠢ ᠲᠣᠳᠣᠷᠬᠠᠶᠢᠯᠠᠪᠠ᠃ ᠳᠠᠭᠠᠯᠳᠤᠭᠤᠯᠤᠯ ᠳᠤ ᠪᠠᠰᠠ ᠬᠤᠰᠢᠭᠤ ᠰᠢᠶᠠᠨ ᠤ ᠬᠤᠲᠠ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ᠪᠣᠯᠣᠨ ᠬᠤᠰᠢᠭᠤ ᠰᠢᠶᠠᠨ ᠤ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠠᠭᠠᠳ ᠦᠭᠡᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ᠶᠢ ᠳᠠᠭᠠᠯᠳᠤᠭᠤᠯᠤᠨ ᠡᠳᠦᠷ ᠳᠣᠳᠣᠮ ᠤᠨ ᠮᠦᠷᠳᠡᠨ ᠳᠤᠬᠢᠷᠠᠭᠤᠯᠬᠤ ᠳᠤ ᠬᠡᠷᠡᠭᠯᠡᠨ᠎ᠡ᠃        ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ        ᠤᠷᠴᠢᠭᠤᠯᠤᠭᠴᠢ᠄ ᠬᠦᠰᠡᠯ        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3