ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/25
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ︽ᠨᠢᠭᠡᠳᠦᠭᠡᠷ ᠬᠠᠷᠢᠭᠤᠴᠠᠯᠭᠠᠲᠠᠨ︾᠎ ᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠪᠠᠭᠤᠯᠭᠠᠭᠰᠠᠨ ︽2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠬᠠᠶ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ 2023 ᠣᠨ ᠤ 12 ᠰᠠᠷ᠎ᠠ ᠶᠢᠨ 20᠎ ᠤ ᠡᠳᠦᠷ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ᠨᠠᠮ ᠤᠨ ᠡᠭᠦᠷ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠬᠠᠶ ᠲᠤᠰᠢᠶᠠᠯ ᠤᠨ ᠮᠡᠳᠡᠭᠦᠯᠦᠯᠲᠡ ᠶᠢᠨ ᠶᠡᠭᠡ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠤᠤ ᠰᠢᠶᠠᠩ ᠢ ᠤᠷᠢᠵᠤ ᠬᠤᠷᠠᠯ ᠳᠤ ᠣᠷᠣᠯᠴᠠᠭᠤᠯᠤᠨ ᠵᠢᠯᠤᠭᠤᠳᠤᠭᠤᠯᠵᠤ᠂ ᠰᠢᠩ ᠡᡁᠧ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠰᠦᠨ ᠬᠠᠢ ᠵᠢᠶᠦ᠋ᠨ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠭᠡᠷ ᠲᠡᠭᠡᠨ ᠪᠠᠶᠢᠭ᠎ᠠ ᠨᠠᠮ ᠤᠨ ᠬᠤᠷᠢᠶᠠᠨ ᠤ ᠪᠦᠷᠢᠯᠳᠦᠬᠦᠨ᠂ ᠡᠯ᠎ᠡ ᠨᠠᠮ ᠤᠨ ᠡᠭᠦᠷ ᠤᠨ ᠱᠦᠵᠢ ᠵᠢᠴᠢ ᠡᠯ᠎ᠡ ᠰᠠᠯᠠᠭ᠎ᠠ ᠮᠥᠴᠢᠷ ᠤᠨ ᠵᠢᠭᠠᠨ ᠵᠢᠯᠤᠭᠤᠳᠤᠬᠴᠢ ᠶᠡᠭᠡ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠵᠠᠩ ᠭᠤᠤ ᠶᠢᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ᠂ ᠡᠷᠡᠭᠦᠦ ᠶᠢᠨ ᠴᠠᠭᠳᠠᠭ᠎ᠠ ᠶᠢᠨ ᠶᠡᠭᠡ ᠠᠩᠬᠢ ᠶᠢᠨ ᠨᠠᠮ ᠤᠨ ᠡᠭᠦᠷ᠂ ᠠᠮᠤᠷ ᠢ ᠬᠠᠮᠠᠭᠠᠯᠠᠬᠤ ᠶᠡᠭᠡ ᠠᠩᠬᠢ ᠶᠢᠨ ᠨᠠᠮ ᠤᠨ ᠡᠭᠦᠷ᠂ ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ ᠨᠠᠮ ᠤᠨ ᠡᠭᠦᠷ᠂ ᠳ᠋ᠠ ᠲᠦᠩ ᠶᠣᠣ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ᠂ ᠬᠠᠤᠯᠢ ᠲᠦᠷᠢᠮ ᠤᠨ ᠶᠡᠭᠡ ᠠᠩᠬᠢ ᠶᠢᠨ ᠨᠠᠮ ᠤᠨ ᠡᠭᠦᠷ᠂ ᠰᠢᠨ᠎ᠡ ᠬᠤᠳᠠ ᠶᠢᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ᠂ ᠰᠠᠶᠢᠬᠤᠰᠤ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ 8 ᠨᠠᠮ ᠤᠨ ᠡᠭᠦᠷ ᠤᠨ ᠱᠦᠵᠢ ᠨᠢᠭᠡ ᠵᠢᠯ ᠤᠨ ᠲᠤᠷᠰᠢ ᠨᠠᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠭᠤᠣᠯ ᠰᠡᠳᠦᠪᠲᠦ ᠬᠥᠮᠦᠵᠢᠯ ᠵᠡᠷᠭᠡ ᠠᠵᠢᠯ ᠢ ᠠᠳᠬᠤᠭᠰᠠᠨ ᠲᠤᠬᠠᠢ ᠲᠤᠰᠢᠶᠠᠯ ᠤᠨ ᠮᠡᠳᠡᠭᠦᠯᠦᠯᠲᠡ ᠬᠢᠵᠡᠢ᠃ ᠲᠣᠪᠴᠢᠶᠠᠨ ᠤ ᠨᠠᠮ ᠤᠨ ᠬᠤᠷᠢᠶᠠᠨ ᠤ ᠱᠦᠵᠢ ᠰᠦᠨ ᠬᠠᠶ ᠵᠢᠶᠦ᠋ᠨ᠂ ᠤᠯᠤᠰ ᠲᠥᠷᠥ ᠶᠢᠨ ᠭᠡᠰᠢᠭᠦᠨ ᠵᠠᠩ ᠡᠯ ᠳ᠋ᠦᠩ᠂ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠾᠥᠸᠧ ᠵᠧᠨ 8 ᠨᠠᠮ ᠤᠨ ᠡᠭᠦᠷ ᠤᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢ ᠨᠢᠭᠡᠳ ᠨᠢᠭᠡ ᠪᠠᠷ ᠦᠨᠡᠯᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠶ ᠲᠠᠯ᠎ᠠ ᠳᠤ ᠵᠠᠳᠠᠯᠤᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠪᠣᠳᠠᠲᠠᠶ ᠰᠡᠳᠬᠢᠴᠡ ᠪᠠ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃      ᠳᠡᠳ᠋ ᠰᠠᠶᠢᠳ ᠵᠣᠣ ᠰᠢᠶᠠᠩ ᠦᠨᠡᠯᠡᠨ ᠵᠢᠯᠣᠭᠤᠳᠴᠤ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠨᠤᠲᠠᠯᠠᠭᠰᠠᠨ ᠪᠥᠭᠡᠳ ᠬᠤᠶᠢᠰᠢᠳᠠ ᠶᠢᠨ ᠠᠵᠢᠯ ᠢᠶᠠᠨ ᠴᠢᠨᠠᠭᠰᠢᠳᠠ ᠰᠠᠶᠢᠲᠤᠷ ᠬᠢᠬᠦ ᠳᠤ ᠨᠠᠨᠳᠢᠨ ᠬᠦᠰᠡᠯ ᠪᠠ ᠵᠢᠯᠣᠭᠤᠳᠬᠤ ᠰᠠᠨᠠᠭᠤᠯᠭ᠎ᠠ ᠳᠤᠷᠠᠳᠴᠤ᠂ ᠨᠠᠮ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠭᠰᠢᠳᠠ ᠪᠣᠳᠠᠲᠠᠢ ᠠᠳᠬᠤᠵᠤ᠂ ᠰᠢᠩ ᠡᡁᠧ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠵᠠᠩ ᠡᠯ ᠳ᠋ᠦᠩ ᠤᠯᠤᠰ ᠲᠥᠷᠥ ᠶᠢᠨ ᠭᠡᠰᠢᠭᠦᠨ ᠴᠢᠬᠤᠯᠠᠴᠢᠯᠠᠬᠤ ᠳᠠᠭᠠᠨ᠂ ᠨᠢᠭᠡ ᠳᠤ᠂ ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤᠳᠬᠠᠨ᠂ ︽ᠨᠢᠭᠡᠳᠦᠭᠡᠷ ᠬᠠᠷᠢᠭᠤᠴᠠᠯᠭᠠᠲᠠᠨ︾᠎ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠦᠬᠦ ᠴᠠᠭᠳᠠᠭ᠎ᠠ ᠶᠢᠨ ᠦᠵᠡᠯ ᠰᠠᠨᠠᠭᠠᠨ ᠤ ᠰᠠᠭᠤᠷᠢ ᠶᠢ ᠬᠦᠴᠦᠯᠡᠨ ᠪᠠᠬᠢᠵᠢᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠷᠮᠠᠶᠢᠨ ᠳᠡᠭᠡᠭᠰᠢᠯᠡᠭᠦᠯᠵᠦ᠂ ︽ᠭᠤᠤᠯ ᠰᠡᠳᠦᠪᠲᠦ ᠬᠥᠮᠦᠵᠢᠯ︾᠎ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠵᠢᠷᠤᠮᠵᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠭᠤᠷᠪᠠ ᠳᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠴᠠᠭᠳᠠᠭᠠᠨ ᠤ ᠬᠤᠸᠠᠷᠠᠨ ᠤ ᠠᠮᠢ ᠠᠬᠤᠶ ᠶᠢ ᠴᠢᠷᠮᠠᠶᠢᠨ ᠪᠣᠶ ᠪᠣᠯᠭᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠢ ᠰᠠᠶᠢᠲᠤᠷ ᠠᠩᠬᠠᠷᠬᠤ ᠬᠡᠷᠡᠭᠲᠡᠶ᠃ ᠲᠦᠷᠢᠮ ᠲᠣᠭᠲᠠᠭᠠᠯ ᠲᠣᠭᠲᠠᠭᠠᠬᠤ ᠠᠵᠢᠯ ᠢ ᠰᠠᠶᠢᠲᠤᠷ ᠠᠳᠬᠤᠨ᠎ᠠ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠴᠢᠩᠭ᠎ᠠ ᠬᠢᠨᠠᠯᠲᠠ ᠲᠠᠯᠪᠢᠪᠠ᠃ ᠬᠠᠮᠤᠭ ᠤᠨ ᠰᠡᠭᠦᠯ ᠳᠤ ᠂ ᠰᠦᠨ ᠬᠠᠢ ᠵᠢᠶᠦ᠋ᠨ ᠤ ᠳᠡᠳ᠋ ᠰᠢᠶᠠᠨ ᠤ ᠳᠠᠷᠤᠭ᠎ᠠ ᠨᠢᠭᠡ ᠵᠢᠯ ᠤᠨ ᠲᠤᠷᠰᠢᠬᠢ ᠨᠠᠮ ᠤᠨ ᠪᠠᠶᠢᠭᠤᠯᠤᠯᠲᠠ ᠪᠣᠯᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠵᠦ᠂ ᠢᠷᠡᠬᠦ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠲᠤᠬᠠᠢ ᠭᠤᠷᠪᠠᠨ ᠱᠠᠭᠠᠷᠳᠠᠯᠭ᠎ᠠ ᠳᠤᠷᠠᠳᠴᠠᠢ᠄ ᠨᠢᠭᠡ ᠳᠤ᠂ ᠲᠤᠭ ᠳᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ᠡᠯ᠎ᠡ ᠨᠠᠮ ᠤᠨ ᠡᠭᠦᠷ ᠤᠨ ᠱᠦᠵᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠤᠣᠯ ᠰᠡᠳᠦᠪᠲᠦ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠡᠯ᠎ᠡ ᠨᠠᠮ ᠤᠨ ᠡᠭᠦᠷ ᠤᠨ ᠱᠦᠵᠢ ᠡᠷᠬᠡᠪᠰᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠨᠠᠮ ᠤᠨ ᠪᠠᠶᠢᠭᠤᠯᠤᠯᠲᠠ ᠶᠢ ᠴᠢᠩᠭ᠎ᠠ ᠠᠳᠬᠤᠬᠤ ᠠᠵᠢᠯ ᠤᠨ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠳᠣᠲᠣᠭᠠᠳᠤ ᠶᠢ ᠬᠠᠮᠠᠭᠠᠯᠠᠬᠤ ᠠᠵᠢᠯ ᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠠᠷᠢᠮᠲᠠᠯᠠᠵᠤ᠂ ᠵᠡᠷᠭᠡᠪᠡᠷ ᠠᠬᠢᠭᠤᠯᠵᠤ᠂ ᠱᠠᠳᠤ ᠳᠠᠷᠠᠭᠠᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠨᠠᠮ ᠤᠨ ᠡᠭᠦᠷ ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠤᠳᠤᠷᠢᠳᠤᠮᠵᠢ ᠶᠢ ᠪᠠᠷᠢᠮᠲᠠᠯᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠢ᠃ ᠡᠯ᠎ᠡ ᠨᠠᠮ ᠤᠨ ᠡᠭᠦᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠯᠲᠡ ᠳᠤ ᠵᠢᠭᠠᠵᠤ ᠭᠠᠷᠭᠠᠭᠰᠠᠨ ᠠᠰᠠᠭᠤᠳᠠᠯ ᠤᠨ ᠲᠤᠬᠠᠢ ᠰᠠᠨᠠᠯ ᠢ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠶᠢᠨ ᠭᠠᠷᠳᠠᠴᠠ ᠪᠣᠯᠭᠠᠵᠤ᠂ ᠵᠦᠢᠯ ᠳᠠᠷᠠᠭᠠᠯᠠᠨ ᠵᠠᠳᠠᠯᠵᠤ᠂ ᠤᠨᠢᠨ ᠳᠡᠭᠡᠷ᠎ᠡ ᠨᠢ ᠬᠦᠴᠦᠯᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠶᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠡᠭᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠠᠷᠭ᠎ᠠ ᠶᠢᠨ ᠰᠢᠨ᠎ᠡ ᠶᠢ ᠡᠭᠦᠳᠴᠦ ᠬᠦᠴᠦᠨ ᠢ ᠬᠥᠭᠵᠢᠭᠡᠬᠦ ᠬᠡᠷᠡᠭᠲᠡᠢ᠃ ᠡᠯ᠎ᠡ ᠨᠠᠮ ᠤᠨ ᠡᠭᠦᠷ ᠤᠨ ᠬᠢᠨ ᠡᠨᠡ ᠵᠢᠯ ᠠᠴᠠ ᠨᠠᠰᠢᠬᠢ ᠨᠠᠮ ᠤᠨ ᠪᠠᠶᠢᠭᠤᠯᠤᠯᠲᠠ ᠶᠢ ᠠᠳᠬᠤᠭᠠᠳ ᠣᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠪᠦᠲᠦᠮᠵᠢᠲᠡᠶ ᠠᠷᠭ᠎ᠠ ᠵᠠᠮ ᠪᠠ ᠠᠴᠢᠶᠠᠯᠠᠪᠤᠷᠢ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠱᠠᠭᠠᠷᠳᠠᠯᠭ᠎ᠠ ᠶᠣᠰᠣᠭᠠᠷ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠬᠦᠴᠦᠯᠡᠨ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠢ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠲᠠᠭᠠᠷᠢᠯᠳᠡ ᠬᠢᠵᠦ᠂ ᠤᠷᠢᠳᠠᠪᠠᠷ ᠬᠥᠳᠡᠯᠦᠯᠴᠡᠵᠦ᠂ ᠰᠢᠩ ᠡᡁᠧ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3