ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/25
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠪᠠᠭᠤᠯᠭᠠᠭᠰᠠᠨ ︽2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠬᠠᠶ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 2023 ᠣᠨ ᠤ 12 ᠰᠠᠷ᠎ᠠ ᠶᠢᠨ 20 ᠤ ᠡᠳᠦᠷ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ᠨᠠᠮ ᠤᠨ ᠡᠭᠦᠷ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠬᠠᠶ ᠲᠤᠰᠢᠶᠠᠯ ᠤᠨ ᠮᠡᠳᠡᠭᠦᠯᠦᠯᠲᠡ ᠶᠢᠨ ᠶᠡᠭᠡ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠤᠤ ᠰᠢᠶᠠᠩ ᠢ ᠤᠷᠢᠵᠤ ᠬᠤᠷᠠᠯ ᠳᠤ ᠣᠷᠣᠯᠴᠠᠭᠤᠯᠤᠨ ᠵᠢᠯᠤᠭᠤᠳᠤᠭᠤᠯᠵᠤ᠂ ᠰᠢᠩ ᠡᡁᠧ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠰᠦᠨ ᠬᠠᠢ ᠵᠢᠶᠦ᠋ᠨ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠭᠡᠷ ᠲᠡᠭᠡᠨ ᠪᠠᠶᠢᠭ᠎ᠠ ᠨᠠᠮ ᠤᠨ ᠬᠤᠷᠢᠶᠠᠨ ᠤ ᠪᠦᠷᠢᠯᠳᠦᠬᠦᠨ᠂ ᠡᠯ᠎ᠡ ᠨᠠᠮ ᠤᠨ ᠡᠭᠦᠷ ᠤᠨ ᠱᠦᠵᠢ ᠵᠢᠴᠢ ᠡᠯ᠎ᠡ ᠰᠠᠯᠠᠭ᠎ᠠ ᠮᠥᠴᠢᠷ ᠤᠨ ᠵᠢᠭᠠᠨ ᠵᠢᠯᠤᠭᠤᠳᠤᠬᠴᠢ ᠶᠡᠭᠡ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠵᠠᠩ ᠭᠤᠤ ᠶᠢᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ᠂ ᠡᠷᠡᠭᠦᠦ ᠶᠢᠨ ᠴᠠᠭᠳᠠᠭ᠎ᠠ ᠶᠢᠨ ᠶᠡᠭᠡ ᠠᠩᠬᠢ ᠶᠢᠨ ᠨᠠᠮ ᠤᠨ ᠡᠭᠦᠷ᠂ ᠠᠮᠤᠷ ᠢ ᠬᠠᠮᠠᠭᠠᠯᠠᠬᠤ ᠶᠡᠭᠡ ᠠᠩᠬᠢ ᠶᠢᠨ ᠨᠠᠮ ᠤᠨ ᠡᠭᠦᠷ᠂ ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ ᠨᠠᠮ ᠤᠨ ᠡᠭᠦᠷ᠂ ᠳ᠋ᠠ ᠲᠦᠩ ᠶᠣᠣ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ᠂ ᠬᠠᠤᠯᠢ ᠲᠦᠷᠢᠮ ᠤᠨ ᠶᠡᠭᠡ ᠠᠩᠬᠢ ᠶᠢᠨ ᠨᠠᠮ ᠤᠨ ᠡᠭᠦᠷ᠂ ᠰᠢᠨ᠎ᠡ ᠬᠤᠳᠠ ᠶᠢᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ᠂ ᠰᠠᠶᠢᠬᠤᠰᠤ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ 8 ᠨᠠᠮ ᠤᠨ ᠡᠭᠦᠷ ᠤᠨ ᠱᠦᠵᠢ ᠨᠢᠭᠡ ᠵᠢᠯ ᠤᠨ ᠲᠤᠷᠰᠢ ᠨᠠᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠭᠤᠣᠯ ᠰᠡᠳᠦᠪᠲᠦ ᠬᠥᠮᠦᠵᠢᠯ ᠵᠡᠷᠭᠡ ᠠᠵᠢᠯ ᠢ ᠠᠳᠬᠤᠭᠰᠠᠨ ᠲᠤᠬᠠᠢ ᠲᠤᠰᠢᠶᠠᠯ ᠤᠨ ᠮᠡᠳᠡᠭᠦᠯᠦᠯᠲᠡ ᠬᠢᠵᠡᠢ᠃ ᠲᠣᠪᠴᠢᠶᠠᠨ ᠤ ᠨᠠᠮ ᠤᠨ ᠬᠤᠷᠢᠶᠠᠨ ᠤ ᠱᠦᠵᠢ ᠰᠦᠨ ᠬᠠᠶ ᠵᠢᠶᠦ᠋ᠨ᠂ ᠤᠯᠤᠰ ᠲᠥᠷᠥ ᠶᠢᠨ ᠭᠡᠰᠢᠭᠦᠨ ᠵᠠᠩ ᠡᠯ ᠳ᠋ᠦᠩ᠂ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠾᠥᠸᠧ ᠵᠧᠨ 8 ᠨᠠᠮ ᠤᠨ ᠡᠭᠦᠷ ᠤᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢ ᠨᠢᠭᠡᠳ ᠨᠢᠭᠡ ᠪᠠᠷ ᠦᠨᠡᠯᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠶ ᠲᠠᠯ᠎ᠠ ᠳᠤ ᠵᠠᠳᠠᠯᠤᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠪᠣᠳᠠᠲᠠᠶ ᠰᠡᠳᠬᠢᠴᠡ ᠪᠠ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃      ᠳᠡᠳ᠋ ᠰᠠᠶᠢᠳ ᠵᠣᠣ ᠰᠢᠶᠠᠩ ᠦᠨᠡᠯᠡᠨ ᠵᠢᠯᠣᠭᠤᠳᠴᠤ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠨᠤᠲᠠᠯᠠᠭᠰᠠᠨ ᠪᠥᠭᠡᠳ ᠬᠤᠶᠢᠰᠢᠳᠠ ᠶᠢᠨ ᠠᠵᠢᠯ ᠢᠶᠠᠨ ᠴᠢᠨᠠᠭᠰᠢᠳᠠ ᠰᠠᠶᠢᠲᠤᠷ ᠬᠢᠬᠦ ᠳᠤ ᠨᠠᠨᠳᠢᠨ ᠬᠦᠰᠡᠯ ᠪᠠ ᠵᠢᠯᠣᠭᠤᠳᠬᠤ ᠰᠠᠨᠠᠭᠤᠯᠭ᠎ᠠ ᠳᠤᠷᠠᠳᠴᠤ᠂ ᠨᠠᠮ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠭᠰᠢᠳᠠ ᠪᠣᠳᠠᠲᠠᠢ ᠠᠳᠬᠤᠵᠤ᠂ ᠰᠢᠩ ᠡᡁᠧ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠵᠠᠩ ᠡᠯ ᠳ᠋ᠦᠩ ᠤᠯᠤᠰ ᠲᠥᠷᠥ ᠶᠢᠨ ᠭᠡᠰᠢᠭᠦᠨ ᠴᠢᠬᠤᠯᠠᠴᠢᠯᠠᠬᠤ ᠳᠠᠭᠠᠨ᠂ ᠨᠢᠭᠡ ᠳᠤ᠂ ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤᠳᠬᠠᠨ᠂ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠦᠬᠦ ᠴᠠᠭᠳᠠᠭ᠎ᠠ ᠶᠢᠨ ᠦᠵᠡᠯ ᠰᠠᠨᠠᠭᠠᠨ ᠤ ᠰᠠᠭᠤᠷᠢ ᠶᠢ ᠬᠦᠴᠦᠯᠡᠨ ᠪᠠᠬᠢᠵᠢᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠷᠮᠠᠶᠢᠨ ᠳᠡᠭᠡᠭᠰᠢᠯᠡᠭᠦᠯᠵᠦ᠂ ︽ᠭᠤᠤᠯ ᠰᠡᠳᠦᠪᠲᠦ ᠬᠥᠮᠦᠵᠢᠯ︾ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠵᠢᠷᠤᠮᠵᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠭᠤᠷᠪᠠ ᠳᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠴᠠᠭᠳᠠᠭᠠᠨ ᠤ ᠬᠤᠸᠠᠷᠠᠨ ᠤ ᠠᠮᠢ ᠠᠬᠤᠶ ᠶᠢ ᠴᠢᠷᠮᠠᠶᠢᠨ ᠪᠣᠶ ᠪᠣᠯᠭᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠰᠠᠶᠢᠲᠤᠷ ᠠᠩᠬᠠᠷᠬᠤ ᠬᠡᠷᠡᠭᠲᠡᠶ᠃ ᠲᠦᠷᠢᠮ ᠲᠣᠭᠲᠠᠭᠠᠯ ᠲᠣᠭᠲᠠᠭᠠᠬᠤ ᠠᠵᠢᠯ ᠢ ᠰᠠᠶᠢᠲᠤᠷ ᠠᠳᠬᠤᠨ᠎ᠠ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠴᠢᠩᠭ᠎ᠠ ᠬᠢᠨᠠᠯᠲᠠ ᠲᠠᠯᠪᠢᠪᠠ᠃ ᠬᠠᠮᠤᠭ ᠤᠨ ᠰᠡᠭᠦᠯ ᠳᠤ ᠂ ᠰᠦᠨ ᠬᠠᠢ ᠵᠢᠶᠦ᠋ᠨ ᠤ ᠳᠡᠳ᠋ ᠰᠢᠶᠠᠨ ᠤ ᠳᠠᠷᠤᠭ᠎ᠠ ᠨᠢᠭᠡ ᠵᠢᠯ ᠤᠨ ᠲᠤᠷᠰᠢᠬᠢ ᠨᠠᠮ ᠤᠨ ᠪᠠᠶᠢᠭᠤᠯᠤᠯᠲᠠ ᠪᠣᠯᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠵᠦ᠂ ᠢᠷᠡᠬᠦ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠲᠤᠬᠠᠢ ᠭᠤᠷᠪᠠᠨ ᠱᠠᠭᠠᠷᠳᠠᠯᠭ᠎ᠠ ᠳᠤᠷᠠᠳᠴᠠᠢ᠄ ᠨᠢᠭᠡ ᠳᠤ᠂ ᠲᠤᠭ ᠳᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ᠡᠯ᠎ᠡ ᠨᠠᠮ ᠤᠨ ᠡᠭᠦᠷ ᠤᠨ ᠱᠦᠵᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠤᠣᠯ ᠰᠡᠳᠦᠪᠲᠦ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠡᠯ᠎ᠡ ᠨᠠᠮ ᠤᠨ ᠡᠭᠦᠷ ᠤᠨ ᠱᠦᠵᠢ ᠡᠷᠬᠡᠪᠰᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠨᠠᠮ ᠤᠨ ᠪᠠᠶᠢᠭᠤᠯᠤᠯᠲᠠ ᠶᠢ ᠴᠢᠩᠭ᠎ᠠ ᠠᠳᠬᠤᠬᠤ ᠠᠵᠢᠯ ᠤᠨ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠳᠣᠲᠣᠭᠠᠳᠤ ᠶᠢ ᠬᠠᠮᠠᠭᠠᠯᠠᠬᠤ ᠠᠵᠢᠯ ᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠠᠷᠢᠮᠲᠠᠯᠠᠵᠤ᠂ ᠵᠡᠷᠭᠡᠪᠡᠷ ᠠᠬᠢᠭᠤᠯᠵᠤ᠂ ᠱᠠᠳᠤ ᠳᠠᠷᠠᠭᠠᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠨᠠᠮ ᠤᠨ ᠡᠭᠦᠷ ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠤᠳᠤᠷᠢᠳᠤᠮᠵᠢ ᠶᠢ ᠪᠠᠷᠢᠮᠲᠠᠯᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠢ᠃ ᠡᠯ᠎ᠡ ᠨᠠᠮ ᠤᠨ ᠡᠭᠦᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠯᠲᠡ ᠳᠤ ᠵᠢᠭᠠᠵᠤ ᠭᠠᠷᠭᠠᠭᠰᠠᠨ ᠠᠰᠠᠭᠤᠳᠠᠯ ᠤᠨ ᠲᠤᠬᠠᠢ ᠰᠠᠨᠠᠯ ᠢ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠶᠢᠨ ᠭᠠᠷᠳᠠᠴᠠ ᠪᠣᠯᠭᠠᠵᠤ᠂ ᠵᠦᠢᠯ ᠳᠠᠷᠠᠭᠠᠯᠠᠨ ᠵᠠᠳᠠᠯᠵᠤ᠂ ᠤᠨᠢᠨ ᠳᠡᠭᠡᠷ᠎ᠡ ᠨᠢ ᠬᠦᠴᠦᠯᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠶᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠡᠭᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠠᠷᠭ᠎ᠠ ᠶᠢᠨ ᠰᠢᠨ᠎ᠡ ᠶᠢ ᠡᠭᠦᠳᠴᠦ ᠬᠦᠴᠦᠨ ᠢ ᠬᠥᠭᠵᠢᠭᠡᠬᠦ ᠬᠡᠷᠡᠭᠲᠡᠢ᠃ ᠡᠯ᠎ᠡ ᠨᠠᠮ ᠤᠨ ᠡᠭᠦᠷ ᠤᠨ ᠬᠢᠨ ᠡᠨᠡ ᠵᠢᠯ ᠠᠴᠠ ᠨᠠᠰᠢᠬᠢ ᠨᠠᠮ ᠤᠨ ᠪᠠᠶᠢᠭᠤᠯᠤᠯᠲᠠ ᠶᠢ ᠠᠳᠬᠤᠭᠠᠳ ᠣᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠪᠦᠲᠦᠮᠵᠢᠲᠡᠶ ᠠᠷᠭ᠎ᠠ ᠵᠠᠮ ᠪᠠ ᠠᠴᠢᠶᠠᠯᠠᠪᠤᠷᠢ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠱᠠᠭᠠᠷᠳᠠᠯᠭ᠎ᠠ ᠶᠣᠰᠣᠭᠠᠷ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠬᠦᠴᠦᠯᠡᠨ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠢ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠲᠠᠭᠠᠷᠢᠯᠳᠡ ᠬᠢᠵᠦ᠂ ᠤᠷᠢᠳᠠᠪᠠᠷ ᠬᠥᠳᠡᠯᠦᠯᠴᠡᠵᠦ᠂ ᠰᠢᠩ ᠡᡁᠧ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3