ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠩ ᠾᠧ ᠰᠢᠶᠠᠨ ᠤ ᠼᠤᠤ ᠰᠧ ᠶᠣᠣ ᠠᠭᠤᠷᠬᠠᠶ ᠶᠢᠨ ᠣᠷᠣᠨ ᠤ ᠮᠣᠯᠢᠪᠳᠧᠨ ᠠᠭᠤᠷᠬᠠᠶ ᠶᠢᠨ ᠲᠥᠷᠥᠯ  ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2023/12/4
     ︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ ᠶᠢᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ ᠶᠢᠨ ᠮᠡᠳᠡᠭᠳᠡᠯ︾᠎ ᠢ ᠦᠨᠳᠦᠰᠦᠯᠡᠪᠡᠯ ︵ᠬᠥᠭᠵᠢᠭᠦᠯᠦᠯᠲᠡ ᠥᠭᠡᠷᠡᠴᠢᠯᠡᠯᠲᠡ ᠪᠠᠯᠠ ᠣᠷᠣᠭᠤᠯᠤᠯᠲᠠ ︹ 2012 ︺ 2492 ᠳ᠋ᠤᠭᠠᠷ ᠲᠣᠭᠠᠲᠤ︶ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ  ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶︾᠎ ᠤᠨ ᠳᠣᠲᠣᠭᠠᠳᠤ ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠂ ᠥᠪᠥᠷ ᠮᠣᠩᠭᠤᠯ ᠤᠨ ᠠᠭᠤᠷᠬᠠᠶ ᠶᠢᠨ  ᠦᠢᠯᠡᠰ ᠤᠨ ︵ᠪᠦᠯᠦᠭᠯᠡᠯ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠳᠦᠭᠡ ᠥᠪᠥᠷ ᠮᠣᠩᠭᠤᠯ ᠤᠨ ᠰᠢᠤᠢ ᠬᠤᠤ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠲᠤ ᠺᠣᠮᠫᠠᠨᠢ ᠳᠤ ᠨᠠᠶᠢᠳᠠᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠩ ᠾᠧ ᠰᠢᠶᠠᠨ ᠤ ᠼᠤᠤ ᠰᠧ ᠶᠣᠣ ᠠᠭᠤᠷᠬᠠᠶ ᠶᠢᠨ ᠣᠷᠣᠨ ᠤ ᠮᠤᠯᠢᠪᠳᠧᠨ ᠤ ᠠᠭᠤᠷᠬᠠᠶ ᠶᠢᠨ ᠲᠥᠷᠥᠯ  ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠢᠯᠡ ᠨᠡᠶᠢᠲᠡᠯᠡᠶ᠎ᠡ᠃       ᠨᠢᠭᠡ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠨᠡᠷᠡᠶᠢᠳᠦᠯ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠩ ᠾᠧ ᠰᠢᠶᠠᠨ ᠤ ᠼᠤᠤ ᠰᠧ ᠶᠣᠣ ᠠᠭᠤᠷᠬᠠᠢ ᠶᠢᠨ ᠣᠷᠣᠨ ᠤ ᠮᠣᠯᠢᠪᠳᠧᠨ ᠠᠭᠤᠷᠬᠠᠢ ᠶᠢᠨ ᠲᠥᠷᠥᠯ  ᠵᠦᠢᠯ      ᠬᠤᠶᠠᠷ᠂ ᠪᠦᠳᠦᠭᠡᠨ ᠪᠠᠶᠢᠭᠤᠯᠬᠤ ᠨᠢᠭᠡᠴᠢ      ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠠᠭᠤᠷᠬᠠᠶ ᠶᠢᠨ ᠦᠢᠯᠡᠰ ᠤᠨ ︵ᠪᠦᠯᠦᠭᠯᠡᠯ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠠᠷᠢᠯᠴᠠᠬᠤ ᠬᠥᠮᠦᠨ᠄ ᠼᠦᠢ ᠯᠢ ᠳ᠋ᠦᠩ     ᠤᠲᠠᠰᠤ᠄ 18804899980      ᠭᠤᠷᠪᠠ᠂ ᠦᠨᠡᠯᠡᠨ ᠵᠢᠱᠢᠬᠦ ᠨᠢᠭᠡᠴᠢ      ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠰᠢᠤᠢ ᠬᠤᠤ ᠪᠠᠶᠢᠭᠠᠯᠢ ᠶᠢᠨ ᠡᠬᠢ ᠪᠠᠶᠠᠯᠢᠭ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠲᠤ ᠺᠣᠮᠫᠠᠨᠢ      ᠬᠠᠷᠢᠯᠴᠠᠬᠤ ᠬᠥᠮᠦᠨ᠄ ᠰᠢᠶᠤ ᡁᠢ ᠴᠧᠩ     ᠤᠲᠠᠰᠤ᠄ 15540941836      ᠰᠢᠦᠳᠠᠨ ᠬᠠᠶᠢᠷᠴᠠᠭ᠄ xhxmgl@163.com      ᠲᠦᠷᠪᠡ᠂ ᠪᠠᠷᠢᠯᠭ᠎ᠠ ᠶᠢᠨ ᠲᠦᠢᠮᠣ ᠪᠠᠶᠢᠳᠠᠯ      1. ᠪᠥᠲᠥᠭᠡᠨ ᠪᠠᠶᠢᠭᠤᠯᠬᠤ ᠭᠠᠵᠠᠷ᠄ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠼᠤᠤ ᠰᠧ ᠶᠣᠣ ᠲᠣᠰᠬᠤᠨ ᠤ ᠬᠢᠯᠢ ᠳᠣᠲᠣᠷ᠎ᠠ      2. ᠪᠥᠲᠥᠭᠡᠨ ᠪᠠᠶᠢᠭᠤᠯᠬᠤ ᠨᠢᠭᠡᠴᠡ᠄ ᠥᠪᠥᠷ ᠮᠣᠩᠭᠤᠯ ᠤᠨ ᠠᠭᠤᠷᠬᠠᠶ ᠵᠢᠨ‌ᠦᠢᠯᠡᠰ ᠤᠨ ︵ᠪᠦᠯᠦᠭᠯᠡᠯ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      3. ᠠᠭᠤᠷᠬᠠᠶ ᠶᠢᠨ ᠣᠳᠣᠬᠢ ᠪᠠᠶᠢᠳᠠᠯ᠄ ᠲᠤᠰ ᠠᠭᠤᠷᠬᠠᠶ ᠪᠣᠯ ᠰᠢᠨ᠎ᠡ ᠪᠠᠷ ᠪᠠᠶᠢᠭᠤᠯᠤᠭᠰᠠᠨ ᠠᠭᠤᠷᠬᠠᠶ ᠮᠥᠨ᠂ ᠠᠭᠤᠷᠬᠠᠶ ᠮᠠᠯᠲᠠᠭᠰᠠᠨ ᠲᠡᠮᠳᠡᠭᠯᠡᠯ ᠪᠠᠶᠢᠬᠤ ᠦᠭᠡᠢ      4. ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠠᠭᠤᠯᠭ᠎ᠠ᠄ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠄ ᠮᠤᠯᠢᠪᠳᠧᠨ ᠤ ᠠᠭᠤᠷᠬᠠᠶ ᠶᠢ ᠨᠡᠭᠡᠭᠡᠨ ᠮᠠᠯᠲᠠᠬᠤ ᠶᠢᠨ ᠮᠠᠯᠲᠠᠵᠤ ᠰᠣᠩᠭᠤᠬᠤ ᠬᠡᠪᠴᠢᠶ᠎ᠡ ᠨᠢ 5 ᠲᠦᠮᠡᠨ t/d᠂ 1650 ᠲᠦᠮᠡᠨ t/a ᠪᠣᠯᠤᠨ᠎ᠠ᠃ ᠲᠥᠷᠥᠯ ᠵᠦᠢᠯ ᠨᠢ ᠵᠠᠳᠠᠭᠠᠶ ᠮᠠᠯᠲᠠᠬᠤ ᠲᠠᠯᠠᠪᠠᠶ᠂ ᠠᠭᠤᠷᠬᠠᠶ ᠮᠠᠯᠲᠠᠬᠤ ᠠᠵᠤ ᠦᠢᠯᠡᠳᠪᠦᠷᠢ ᠶᠢᠨ ᠲᠠᠯᠠᠪᠠᠶ᠂ ᠬᠦᠳᠡᠷ ᠰᠢᠯᠢᠬᠦ ᠠᠵᠤ ᠦᠢᠯᠡᠳᠪᠦᠷᠢ ᠎ ᠶᠢᠨ ᠲᠠᠯᠠᠪᠠᠶ᠂ ᠰᠢᠷᠣᠶ ᠭᠠᠷᠭᠠᠬᠤ ᠲᠠᠯᠠᠪᠠᠶ᠂ ᠦᠯᠡᠳᠡᠭᠳᠡᠯ ᠬᠦᠳᠡᠷ ᠤᠨ ᠬᠥᠮᠥᠷᠭᠡ᠂ ᠠᠭᠤᠷᠬᠠᠶ ᠶᠢᠨ ᠬᠡᠮᠬᠡᠯᠬᠦ ᠥᠷᠲᠡᠭᠡ᠂ ᠳᠠᠷᠢ ᠶᠢᠨ ᠬᠥᠮᠥᠷᠭᠡ᠂ ᠲᠣᠰᠣ ᠨᠡᠮᠡᠬᠦ ᠥᠷᠲᠡᠭᠡ᠂ ᠤᠰᠤᠨ ᠤ ᠡᠬᠢ ᠰᠤᠷᠪᠤᠯᠵᠢ ᠶᠢᠨ ᠭᠠᠵᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠤᠷ ᠲᠦᠪᠰᠢᠨ ᠤ ᠪᠡᠯᠡᠳᠬᠡᠮᠵᠢ ᠵᠢᠴᠢ ᠪᠤᠰᠤᠳ ᠲᠤᠰᠠᠯᠠᠬᠤ ᠪᠡᠯᠡᠳᠬᠡᠮᠵᠢ ᠵᠡᠷᠭᠡ ᠪᠠᠷ ᠪᠦᠷᠢᠯᠳᠦᠪᠡ᠃      5. ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ᠄ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 716070.67 ᠲᠦᠮᠡᠨ ᠲᠥᠭᠦᠷᠢᠭ ᠪᠣᠯᠤᠨ᠎ᠠ᠂ ᠡᠭᠦᠨ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ 667992.68 ᠲᠦᠮᠡᠨ ᠲᠥᠭᠦᠷᠢᠭ᠂ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠦᠤ ᠮᠥᠩᠭᠦ 18329.72 ᠲᠦᠮᠡᠨ ᠲᠥᠭᠦᠷᠢᠭ᠂ ᠭᠦᠢᠯᠭᠡᠭᠡᠨ ᠤ ᠪᠠᠯᠠ ᠮᠥᠩᠭᠦ 29748.28 ᠲᠦᠮᠡᠨ ᠲᠥᠭᠦᠷᠢᠭ ᠪᠣᠯᠤᠨ᠎ᠠ᠃ ᠶᠡᠷᠦᠩᠬᠡᠶ ᠪᠡᠯᠡ ᠣᠷᠣᠭᠤᠯᠤᠯᠲᠠ ᠶᠢᠨ ᠳᠣᠲᠣᠷᠠᠬᠢ 30%᠎ ᠨᠢ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠵᠤ᠂ 70%᠎ ᠨᠢ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠪᠣᠯᠤᠨ᠎ᠠ᠃      ᠲᠠᠪᠤ᠂ ᠯᠠᠪᠯᠠᠨ ᠠᠰᠠᠭᠤᠬᠤ ᠵᠦᠢᠯ      ᠣᠯᠠᠨ ᠨᠡᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠭᠡᠪᠡᠯ᠄ ᠲᠠ ᠲᠤᠰ ᠵᠦᠢᠯᠡᠰ ᠢ ᠬᠡᠷᠡᠭᠵᠢᠭᠦᠯᠬᠦ ᠳᠤ ᠶᠠᠮᠠᠷ ᠰᠠᠨᠠᠭᠤᠯᠭ᠎ᠠ ᠪᠠ ᠰᠠᠨᠠᠯ ᠲᠠᠢ ᠪᠤᠢ᠃      ᠵᠢᠷᠭᠤᠭ᠎ᠠ᠂ ᠢᠯᠡ ᠨᠡᠶᠢᠲᠡᠯᠡᠬᠦ ᠲᠣᠳᠣᠷᠬᠠᠶᠢᠯᠠᠯᠲᠠ      1. ᠲᠤᠰ ᠤᠳᠠᠭᠠᠨ ᠤ ᠣᠯᠠᠨ ᠨᠡᠶᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠲᠷᠣᠨ ᠰᠢᠦᠳᠠᠨ ᠵᠦᠢᠯ ᠵᠡᠷᠭᠡ ᠪᠢᠴᠢᠭ ᠤᠨ ᠬᠡᠯᠪᠡᠷᠢ ᠪᠠᠷ ᠪᠦᠲᠦᠭᠡᠨ ᠪᠠᠶᠢᠭᠤᠯᠬᠤ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ ᠪᠣᠯᠤᠨ᠎ᠠ᠃      2. ᠢᠯᠡ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠥᠲᠥᠭᠡᠨ ᠪᠠᠶᠢᠭᠤᠯᠬᠤ ᠨᠢᠭᠡᠴᠡ ᠪᠤᠶᠤ ᠨᠠᠶᠢᠳᠠᠯᠭ᠎ᠠ ᠬᠦᠯᠢᠶᠡᠭᠰᠡᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠨᠢ ᠣᠯᠠᠨ ᠨᠡᠶᠢᠲᠡ ᠳᠤ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠯᠠᠪᠯᠠᠬᠤ᠂ ᠪᠠᠶᠢᠴᠠᠭᠠᠨ ᠦᠵᠡᠬᠦ ᠦᠢᠯᠡᠴᠢᠯᠡᠭᠡ ᠬᠠᠩᠭᠠᠨ᠎ᠠ᠃      3. ᠣᠯᠠᠨ ᠨᠡᠶᠢᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠰᠠᠨᠠᠭᠤᠯᠭ᠎ᠠ ᠪᠤᠶᠤ ᠰᠠᠨᠠᠯ ᠢ ᠢᠯᠡ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠨᠢᠭᠡᠴᠡ ᠳᠤ ᠳᠤᠷᠠᠳᠴᠤ ᠪᠣᠯᠤᠨ᠎ᠠ᠃      4. ᠢᠯᠡ ᠨᠡᠶᠢᠲᠡᠯᠡᠬᠦ ᠡᠳᠦᠷ ᠬᠤᠭᠤᠴᠠᠭ᠎ᠠ᠄ 2023 ᠣᠨ ᠤ 12 ᠰᠠᠷ᠎ᠠ ᠶᠢᠨ 6᠎ ᠤ ᠡᠳᠦᠷ — 2023 ᠣᠨ ᠤ 12 ᠰᠠᠷ᠎ᠠ ᠶᠢᠨ 21᠎ ᠤ ᠡᠳᠦᠷ      ᠵᠠᠷᠯᠠᠨ ᠨᠡᠶᠢᠲᠡᠯᠡᠬᠦ ᠨᠢᠭᠡᠴᠡ᠄ ᠥᠪᠥᠷ ᠮᠣᠩᠭᠤᠯ ᠤᠨ ᠠᠭᠤᠷᠬᠠᠶ ᠶᠢᠨ ᠦᠢᠯᠡᠰ ᠤᠨ ︵ᠪᠦᠯᠦᠭᠯᠡᠯ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠵᠠᠷᠯᠠᠨ ᠨᠡᠶᠢᠲᠡᠯᠡᠭᠰᠡᠨ ᠡᠳᠦᠷ ᠬᠤᠭᠤᠴᠠᠭ᠎ᠠ᠄ 2023 ᠣᠨ ᠤ 12 ᠰᠠᠷ᠎ᠠ ᠶᠢᠨ 6᠎ ᠤ ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3