ᠰᠢᠩ ᠾᠧ ᠰᠢᠶᠠᠨ ᠤ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠎ ᠨᠢ ᠠᠷᠠᠳ ᠤᠨ ᠰᠡᠳᠬᠢᠯ ᠳᠤ ᠨᠠᠩ ᠣᠶᠢᠷᠠᠲᠤᠨ  ᠠᠷᠠᠳ ᠲᠤ ᠦᠢᠯᠡᠴᠢᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠨ᠎ᠡ 
ᠨᠡᠶᠢᠲᠡᠯᠡᠭᠰᠡᠨ ᠴᠠᠭ᠄
2023/12/4
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠰᠢᠩ ᠡᡁᠧ ᠰᠢᠶᠠᠨ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠢᠳᠡᠪᠬᠢᠲᠡᠢ ᠪᠠᠷ ᠬᠦᠷᠴᠦ᠂ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠠᠷᠢᠭᠤᠯᠵᠤ᠂ ᠭᠤᠣᠯ ᠰᠡᠳᠦᠪᠲᠦ ᠬᠥᠮᠦᠵᠢᠯ ᠤᠨ ᠠᠮᠵᠢᠯᠲᠠ ᠪᠦᠲᠦᠮᠵᠢ ᠤᠯᠬᠤ ᠶᠢ ᠠᠬᠢᠭᠤᠯᠪᠠ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ︽ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠤᠬᠠᠭᠤᠯᠵᠤ ᠦᠨᠳᠦᠰᠦᠨ ᠱᠠᠲᠤᠨ ᠳᠤ ᠪᠠᠭᠤᠬᠤ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠶᠢ ᠦᠨᠳᠦᠰᠦᠨ ᠱᠠᠲᠤᠨ ᠳᠤ ᠪᠠᠭᠤᠬᠤ᠂ ᠲᠤᠬᠠᠶ ᠶᠢᠨ ᠲᠠᠯᠠᠪᠤᠷ ᠲᠤ ᠠᠵᠢᠯᠯᠠᠵᠤ ᠦᠨᠳᠦᠰᠦᠨ ᠱᠠᠲᠤᠨ ᠳᠤ ᠪᠠᠭᠤᠬᠤ︾᠎ ᠶᠢ ᠰᠤᠷᠤᠯᠴᠠᠨ ᠳᠡᠯᠭᠡᠷᠡᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ᠳ᠋ᠢᠶᠠᠨ ᠽᠢ ᠪᠠᠯᠭᠠᠰᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠰᠠᠭᠤᠳᠠᠯ ᠢ ᠢᠯᠡᠷᠡᠭᠦᠯᠵᠦ᠂ ᠠᠵᠢᠯ ᠢᠶᠠᠨ ᠠᠬᠢᠭᠤᠯᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ ᠦᠨᠳᠦᠰᠦᠨ ᠱᠠᠲᠤᠨ ᠳᠤ ᠪᠠᠭᠤᠵᠤ ᠠᠷᠠᠳ ᠤᠨ ᠰᠡᠳᠬᠢᠯ ᠢ ᠨᠢᠭᠲᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ ᠦᠨᠳᠦᠰᠦᠨ ᠱᠠᠲᠤᠨ ᠳᠤ ᠪᠠᠭᠤᠵᠤ ᠠᠷᠠᠳ ᠤᠨ ᠰᠠᠨᠠᠯ ᠢ ᠰᠣᠨᠣᠰᠴᠤ ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠦᠨᠳᠦᠰᠦᠨ ᠱᠠᠲᠤᠨ ᠳᠤ ᠪᠠᠭᠤᠵᠤ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠲᠤᠬᠠᠢ ᠶᠢᠨ ᠲᠠᠯᠠᠪᠤᠷ ᠲᠤ ᠠᠵᠢᠯᠯᠠᠵᠤ ᠦᠨᠳᠦᠰᠦᠨ ᠱᠠᠲᠤᠨ ᠳᠤ ᠪᠠᠭᠤᠵᠤ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠪᠠ᠃      ᠪᠥᠬᠦ ᠪᠠᠯᠭᠠᠰᠤ᠂ ᠲᠣᠰᠬᠤᠨ ᠤ ᠺᠠᠳ᠋ᠷᠴᠤᠳ ᠲᠣᠰᠬᠤᠨ ᠳᠤ ᠲᠣᠰᠬᠤᠨ ᠤ ᠠᠷᠠᠳ ᠤᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠡᠯ᠎ᠡ ᠵᠦᠢᠯ ᠤᠨ ᠠᠪᠤᠷᠠᠨ ᠲᠤᠰᠠᠯᠠᠬᠤ᠂ ᠨᠥᠬᠦᠪᠥᠷᠢ ᠥᠭᠬᠦ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ︽ᠪᠤᠳᠤᠵᠤ᠂ ᠠᠳᠠᠯᠢᠳᠬᠠᠵᠤ᠂ ᠦᠵᠡᠵᠦ᠂ ᠪᠤᠳᠤᠵᠤ ᠦᠵᠡᠬᠦ︾ ︽ᠳᠥᠷᠪᠡᠨ ᠨᠢᠭᠡ︾᠎ ᠶᠢᠨ ᠠᠵᠢᠯᠯᠠᠭ᠎ᠠ ᠶᠢ ᠥᠷᠨᠢᠭᠦᠯᠪᠡ᠃ 2017 ᠣᠨ ᠠᠴᠠ ᠡᠬᠢᠯᠡᠨ᠂ ᠡᠪᠬᠡᠮᠡᠯ ᠪᠠᠶᠢᠭᠤᠯᠤᠨ ᠺᠠᠷᠲᠯᠠᠨ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠶᠢᠨ ᠠᠵᠤ ᠦᠢᠯᠡᠰ᠂ ᠡᠮ ᠡᠮᠨᠡᠯᠭᠡ᠂ ᠣᠷᠣᠨ ᠰᠠᠭᠤᠴᠠ᠂ ᠤᠰᠤ ᠤᠮᠳᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ᠂ ᠭᠠᠵᠠᠷ ᠤᠨ ᠬᠦᠴᠦᠨ ᠤ ᠨᠥᠬᠦᠪᠥᠷᠢ᠂ ᠠᠮᠤ ᠪᠤᠳᠠᠭ᠎ᠠ ᠳᠠᠷᠢᠬᠤ ᠨᠥᠬᠦᠪᠥᠷᠢ᠂ ᠣᠶ ᠰᠢᠭᠤᠶ ᠡᠪᠡᠰᠦ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠵᠡᠷᠭᠡ ᠡᠯ᠎ᠡ ᠲᠠᠯ᠎ᠠ ᠶᠢᠨ ᠠᠰᠢᠭ ᠣᠷᠣᠯᠭ᠎ᠠ ᠶᠢ ᠨᠢᠭᠡ ᠯᠡ ᠤᠳᠠᠭ᠎ᠠ ᠳᠤ ᠶᠡᠭᠡ ᠬᠡᠮᠵᠢᠶ᠎ᠡ ᠪᠠᠷ ᠪᠤᠳᠤᠵᠤ ᠬᠤᠷᠢᠶᠠᠩᠭᠤᠶᠢᠯᠠᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠲᠠᠯ᠎ᠠ ᠶᠢᠨ ᠠᠰᠢᠭ ᠣᠷᠣᠯᠭ᠎ᠠ ᠶᠢ ᠬᠡᠳᠦᠶ ᠣᠯᠵᠤ ᠂ ᠳᠣᠲᠣᠷ᠎ᠠ ᠪᠠᠨ ᠲᠤᠭ᠎ᠠ ᠲᠠᠢ ᠠᠳᠠᠯᠢᠳᠬᠠᠵᠤ ᠦᠵᠡᠪᠡᠯ᠂ ᠶᠠᠳᠠᠭᠤ ᠠᠴᠠ ᠠᠩᠭᠢᠵᠢᠷᠠᠬᠤ ᠠᠴᠠ ᠡᠮᠦᠨᠡᠬᠢ ᠪᠠ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠠᠮᠢᠳᠤᠷᠠᠯ ᠤᠨ ᠲᠦᠪᠰᠢᠨ ᠤ ᠶᠠᠰᠤ ᠴᠢᠨᠠᠷ ᠪᠣᠯᠤᠨ ᠠᠮᠢᠳᠤᠷᠠᠯ ᠤᠨ ᠣᠷᠴᠢᠨ ᠲᠣᠭᠤᠷᠢᠨ ᠤ ᠬᠤᠪᠢᠷᠠᠯᠲᠠ ᠶᠢ ᠦᠵᠡᠵᠦ᠂ ᠡᠶᠢᠮᠦᠷᠬᠦ ᠳᠠᠪᠠᠭᠤᠯᠢᠭ ᠠᠮᠢᠳᠤᠷᠠᠯ ᠤᠨ ᠦᠨᠳᠦᠰᠦ ᠰᠤᠷᠪᠤᠯᠵᠢ ᠨᠢ ᠬᠠᠮᠢᠭ᠎ᠠ ᠠᠴᠠ ᠢᠷᠡᠭᠰᠡᠨ ᠢ ᠪᠤᠲᠤᠵᠤ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ᠂ ᠡᠪ ᠬᠠᠮᠲᠤ ᠨᠠᠮ ᠤᠨ ᠤᠳᠤᠷᠢᠳᠤᠯᠭ᠎ᠠ ᠪᠠᠶᠢᠬᠤ ᠦᠭᠡᠢ ᠪᠣᠯ ᠥᠨᠥᠳᠦᠷ ᠤᠨ ᠵᠣᠯ ᠵᠢᠷᠭᠠᠯᠲᠤ ᠠᠮᠢᠳᠤᠷᠠᠯ ᠪᠠᠶᠢᠵᠤ ᠴᠢᠳᠠᠬᠤ ᠦᠭᠡᠢ ᠭᠡᠳᠡᠭ ᠢ ᠭᠦᠨᠵᠡᠭᠡᠢ ᠲᠠᠨᠢᠭᠤᠯᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠢᠲᠡᠭᠡᠯ ᠵᠣᠷᠢᠭ ᠢ ᠤᠯᠠᠮ ᠴᠢᠨᠠᠭᠰᠢᠳᠠ ᠨᠢᠭᠲᠠᠷᠠᠭᠤᠯᠬᠤ ᠬᠡᠷᠡᠭᠲᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3