ᠶᠠᠨᠴᠢᠩ ᠲᠣᠭᠤᠷᠢᠭ — ᠰᠢᠩ ᠾᠧ ᠰᠢᠶᠠᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/4
      12 ᠰᠠᠷ᠎ᠠ ᠶᠢᠨ 2᠎ ᠤᠨ ᠡᠳᠦᠷ᠂ ᠶᠠᠨᠴᠢᠩ ᠲᠣᠭᠤᠷᠢᠭ — ᠰᠢᠩ ᠡᡁᠧ ᠰᠢᠶᠠᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠠᠮᠲᠤᠷᠠᠭᠰᠠᠨ ᠬᠤᠷᠠᠯ ᠪᠡᠭᠡᠵᠢᠩ ᠬᠤᠳᠠ ᠶᠢᠨ ᠶᠠᠨᠴᠢᠩ ᠲᠣᠭᠤᠷᠢᠭ ᠲᠤ ᠬᠤᠷᠠᠯᠳᠤᠵᠤ ᠂ ᠬᠤᠶᠠᠷ ᠭᠠᠵᠠᠷ ᠤᠨ ᠬᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠴᠢᠨᠠᠭᠰᠢᠳᠠ ᠠᠬᠢᠭᠤᠯᠬᠤ ᠲᠤᠬᠠᠢ ᠭᠦᠨᠵᠡᠭᠡᠢ ᠪᠥᠭᠡᠳ ᠥᠷᠭᠡᠨ ᠳᠡᠯᠭᠡᠷ ᠰᠣᠯᠢᠯᠴᠠᠭ᠎ᠠ ᠬᠢᠵᠡᠢ᠃      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ᠂ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᠪᠥᠸᠧ ᠬᠤᠷᠠᠯ ᠳᠤ ᠣᠷᠣᠯᠴᠠᠵᠤ ᠲᠤᠰ ᠲᠤᠰ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠶᠧ ᠳ᠋ᠡ ᠬᠤᠸᠠ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰ ᠲᠤᠰ ᠲᠠᠨᠢᠯᠴᠠᠭᠤᠯᠪᠠ᠃      ᠬᠠᠮᠲᠤᠷᠠᠭᠰᠠᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠤᠶᠠᠷ ᠲᠠᠯ᠎ᠠ ᠪᠠᠷ ᠢᠶᠠᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠰᠠᠶᠢᠲᠤᠷ ᠬᠢᠬᠦ᠂ ᠬᠤᠶᠠᠷ ᠭᠠᠵᠠᠷ ᠤᠨ ᠬᠠᠮᠲᠤ ᠶᠢᠨ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠶᠠᠷᠢᠯᠴᠠᠨ ᠰᠣᠯᠢᠯᠴᠠᠪᠠ᠃      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠶᠠᠷᠢᠶᠠᠨ ᠳᠠᠭᠠᠨ ᠶᠠᠨᠴᠢᠩ ᠲᠣᠭᠤᠷᠢᠭ ᠤᠨ ᠤᠷᠳᠤ ᠬᠤᠭᠤᠴᠠᠭᠠᠨ ᠤ ᠲᠤᠷᠰᠢ ᠰᠢᠩ ᠡᡁᠧ ᠰᠢᠶᠠᠨ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠶᠠᠨᠴᠢᠩ ᠲᠣᠭᠤᠷᠢᠭ ᠤᠨ ᠳᠡᠮᠵᠢᠯᠭᠡ ᠳᠣᠤᠷ᠎ᠠ᠂ ᠡᠨᠡ ᠵᠢᠯ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠭᠤᠯᠬᠤ ᠰᠠᠶᠢᠨ ᠪᠠᠶᠢᠳᠠᠯ ᠢᠯᠡᠷᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠡᠷᠭᠡ ᠭᠦᠢᠴᠡᠳᠭᠡᠯ ᠲᠤᠭ᠎ᠠ ᠶᠢ ᠪᠥᠬᠦ ᠬᠤᠲᠠ ᠳᠤ ᠲᠦᠷᠦᠭᠦᠯᠡᠵᠦ᠂ ᠬᠠᠮᠵᠢᠯᠴᠠᠬᠤ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠲᠦᠷᠭᠡᠨ ᠪᠠᠶᠢᠨ᠎ᠠ ᠭᠡᠵᠡᠶ᠃ ᠲᠤᠰᠢᠶᠠᠯ ᠡᠭᠦᠷᠭᠡᠯᠡᠭᠦᠯᠦᠭᠰᠡᠨ ᠺᠠᠳ᠋ᠷᠴᠤᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠬᠤ ᠬᠠᠷᠢᠴᠠᠭ᠎ᠠ ᠪᠠᠨ ᠨᠢᠭᠲᠠᠷᠠᠭᠤᠯᠬᠤ᠂ ᠵᠦᠢᠯᠡᠰ ᠤᠨ ᠬᠡᠷᠡᠭᠵᠢᠭᠦᠯᠦᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃      ᠸᠠᠩ ᠬᠤᠢ ᠢᠦᠢ ᠵᠢᠭᠠᠵᠤ ᠭᠠᠷᠭᠠᠭᠰᠠᠨ ᠨᠢ᠂ ᠣᠳᠣᠬᠠᠨ ᠳᠤ ᠰᠢᠩ ᠡᡁᠧ ᠰᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠭᠤᠣᠯᠳᠠᠭᠤᠯᠵᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠲᠦᠷᠭᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠬᠢᠨ ᠬᠠᠮᠵᠢᠯᠴᠠᠬᠤ ᠳᠠᠯᠳᠠ ᠬᠦᠴᠦᠨ ᠢᠶᠠᠨ ᠭᠦᠨᠵᠡᠭᠡᠶ ᠠᠭᠤᠳᠠᠯᠵᠤ᠂ ︽ᠬᠡᠷᠡᠭᠴᠡᠭᠡ︾ ᠪᠠ ︽ᠴᠢᠳᠠᠯ︾᠎ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠡᠳᠦᠪ ᠪᠠᠶᠢᠪᠠᠯ ᠬᠠᠮᠲᠤ ᠪᠠᠷ ᠬᠠᠷᠢᠭᠤᠯᠬᠤ᠂ ᠬᠠᠮᠲᠤ ᠪᠠᠷ ᠬᠥᠭᠵᠢᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠨ᠂ ᠨᠠᠩ ᠣᠯᠠᠨ ᠨᠠᠩ ᠥᠷᠭᠡᠨ ᠬᠠᠮᠲᠤᠷᠠᠯᠴᠠᠭᠠᠨ ᠤ ᠵᠠᠮ ᠢ ᠢᠳᠡᠪᠬᠢᠲᠡᠶ ᠪᠠᠶᠢᠭᠤᠯᠵᠤ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠡᠷᠢᠯᠬᠢᠯᠡᠵᠦ᠂ ᠣᠷᠣᠨ ᠪᠦᠰᠡ ᠶᠢᠨ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠤᠨ᠂ ᠬᠠᠪᠰᠤᠷᠤᠨ ᠲᠡᠳᠬᠦᠬᠦ ᠶᠠᠰᠤ ᠴᠢᠨᠠᠷ ᠦᠷ᠎ᠡ ᠠᠰᠢᠭ ᠪᠠ ᠬᠠᠮᠵᠢᠯᠴᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃      ᠢᠦᠢ ᠪᠦᠸᠧ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠮᠠᠨ ᠤ ᠬᠤᠶᠠᠷ ᠲᠠᠯ᠎ᠠ ᠪᠠᠷ ᠢᠶᠠᠨ ᠶᠠᠨ ᠰᠢᠩ ᠬᠠᠮᠲᠤᠷᠠᠯᠴᠠᠭ᠎ᠠ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠡᠭᠦᠷᠭᠡ ᠪᠣᠯᠭᠠᠭᠰᠠᠨ ᠢᠶᠠᠷ ᠪᠠᠷᠠᠬᠤ ᠦᠭᠡᠶ᠂ ᠨᠡᠩ ᠴᠤ ᠲᠡᠭᠦᠨ ᠢ ᠬᠤᠶᠠᠷ ᠭᠠᠵᠠᠷ ᠤᠨ ᠤᠢᠢᠯᠠᠭᠠᠭᠳᠠᠬᠤᠨ ᠬᠠᠷᠢᠯᠴᠠᠨ ᠨᠡᠪᠲᠡᠷᠡᠯᠴᠡᠬᠦ᠂ ᠠᠵᠤ ᠦᠢᠯᠡᠰ ᠬᠠᠷᠢᠯᠴᠠᠨ ᠬᠥᠳᠡᠯᠦᠯᠴᠡᠬᠦ᠂ ᠮᠡᠳᠡᠭᠡ ᠵᠠᠩᠭᠢ ᠬᠠᠷᠢᠯᠴᠠᠨ ᠬᠤᠯᠪᠣᠭᠠᠯᠠᠬᠤ᠂ ᠡᠬᠢ ᠪᠠᠶᠠᠯᠢᠭ ᠬᠠᠷᠢᠯᠴᠠᠨ ᠡᠳ᠋ᠯᠡᠬᠦ᠂ ᠲᠤᠷᠰᠢᠯᠭ᠎ᠠ ᠬᠠᠷᠢᠯᠴᠠᠨ ᠰᠤᠷᠤᠯᠴᠠᠬᠤ ᠴᠢᠬᠤᠯᠠ ᠠᠵᠠ ᠲᠣᠬᠢᠶᠠᠯ ᠪᠣᠯᠭᠠᠵᠤ᠂ ᠪᠡᠯᠡ ᠮᠥᠩᠭᠦ᠂ ᠠᠵᠤ ᠦᠢᠯᠡᠰ᠂ ᠲᠦᠷᠦᠯ ᠵᠦᠢᠯ᠂ ᠴᠢᠳᠠᠪᠤᠷᠢᠲᠠᠨ ᠤ ᠨᠢᠭᠲᠠ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠬᠤᠶᠠᠷ ᠲᠠᠯ᠎ᠠ ᠪᠠᠷ ᠢᠶᠠᠨ ᠤᠯᠠᠨ ᠵᠢᠯ ᠤᠨ ᠲᠤᠷᠰᠢ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠬᠦ ᠶᠠᠪᠤᠴᠠ ᠳᠤ᠂ ᠪᠢᠳᠡᠨ ᠤ ᠬᠠᠶᠢᠷ᠎ᠠ ᠰᠡᠳᠬᠢᠯᠭᠡ ᠤᠯᠠᠮ ᠠᠴᠠ ᠤᠯᠠᠮ ᠣᠶᠢᠷᠠᠳᠴᠤ᠂ ᠬᠠᠮᠲᠤᠷᠠᠯᠴᠠᠭ᠎ᠠ ᠤᠯᠠᠮ ᠠᠴᠠ ᠤᠯᠠᠮ ᠭᠦᠨᠵᠡᠭᠡᠶᠢᠷᠡᠵᠦ᠂ ᠬᠠᠨᠳᠤᠰᠢ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠃      ᠢᠦᠢ ᠪᠦᠸᠧ ᠵᠢᠭᠠᠵᠤ ᠭᠠᠷᠭᠠᠬᠤ ᠳᠠᠭᠠᠨ᠂ ᠶᠠᠨᠴᠢᠩ ᠲᠣᠭᠤᠷᠢᠭ ᠤᠨ ᠬᠢᠨ ᠨᠠᠮ ᠤᠨ ᠲᠥᠪ ᠬᠤᠷᠢᠶ᠎ᠠ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠩ ᠡᡁᠧ ᠰᠢᠶᠠᠨ ᠲᠠᠢ ᠮᠥᠷᠥ ᠵᠡᠷᠭᠡᠴᠡᠨ ᠭᠠᠷ ᠬᠤᠯᠪᠣᠯᠴᠠᠵᠤ᠂ ᠦᠨᠡᠨᠴᠢ ᠪᠠᠷ ᠬᠠᠮᠲᠤᠷᠠᠯᠴᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠨᠠᠮ ᠤᠨ ᠬᠤᠷᠢᠶ᠎ᠡ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠠᠨᠰᠢᠩ ᠤᠨ ᠬᠠᠮᠵᠢᠯᠴᠠᠭ᠎ᠠ ᠯᠠᠪᠳᠠᠶ᠎ᠠ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠲᠡᠰᠢ ᠯᠠᠪᠳᠠᠭᠤᠨ ᠢᠶᠠᠷ ᠤᠷᠤᠭᠰᠢᠯᠠᠵᠤ᠂ ᠬᠠᠮᠵᠢᠯᠴᠠᠨ ᠬᠥᠭᠵᠢᠬᠦ᠂ ᠬᠠᠮᠲᠤᠪᠠᠷ ᠴᠢᠨᠡᠭᠡᠯᠢᠭᠵᠢᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠡ ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠲᠤᠰᠢᠶᠠᠯ ᠡᠭᠦᠷᠭᠡᠯᠡᠭᠦᠯᠦᠭᠰᠡᠨ ᠺᠠᠳ᠋ᠷᠴᠤᠳ ᠰᠡᠳᠬᠢᠯ ᠰᠠᠨᠠᠭ᠎ᠠ ᠪᠣᠯᠤᠨ ᠤᠶᠤᠨ ᠴᠢᠳᠠᠯ ᠢᠶᠠᠨ ᠰᠢᠩ ᠡᡁᠧ ᠰᠢᠶᠠᠨ ᠤ ᠬᠥᠭᠵᠢᠯᠲᠡ ᠶᠢ ᠲᠦᠷᠭᠡᠳᠬᠡᠬᠦ ᠳᠡᠭᠡᠷ᠎ᠡ ᠲᠥᠪᠯᠡᠷᠡᠭᠦᠯᠵᠦ᠂ ᠰᠡᠳᠬᠢᠯ ᠢᠶᠠᠨ ᠨᠢᠭᠡᠳᠬᠡᠵᠦ᠂ ᠪᠡᠶ᠎ᠡ ᠪᠠᠨ ᠪᠥᠬᠦ᠋ᠢᠨ ᠦᠨᠳᠦᠰᠦ ᠬᠠᠳᠬᠤᠵᠤ᠂ ᠬᠠᠮᠵᠢᠯᠴᠠᠬᠤ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠪᠣᠯᠤᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠵᠣᠣ ᠷᠦᠢ᠂ ᠶᠠᠩ ᠵᠧᠨ ᠳ᠋ᠦᠩ᠂ ᠸᠠᠩ ᠬᠠᠶ ᠵᠢᠶᠦ᠋ᠨ᠂ ᠵᠧᠤ ᠷᠦᠢ ᠵᠢᠶᠦ᠋ᠨ᠂ ᠸᠠᠩ ᠵᠧᠩ ᠢ᠂ ᠵᠣᠣ ᠬᠤᠶ ᠵᠢᠤᠢ᠂ ᠬᠥᠩ ᠰᠢᠤ ᠯᠦᠩ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3