12 ᠰᠠᠷ᠎ᠠ ᠶᠢᠨ 2 ᠤᠨ ᠡᠳᠦᠷ᠂ ᠶᠠᠨᠴᠢᠩ ᠲᠣᠭᠤᠷᠢᠭ — ᠰᠢᠩ ᠡᡁᠧ ᠰᠢᠶᠠᠨ ᠤ ᠵᠡᠭᠦᠨ ᠪᠠᠷᠠᠭᠤᠨ | ᠣᠷᠣᠨ ᠤ ᠬᠠᠮᠵᠢᠯᠴᠠᠭᠠᠨ ᠤ ᠬᠠᠮᠲᠤᠷᠠᠭᠰᠠᠨ ᠬᠤᠷᠠᠯ ᠪᠡᠭᠡᠵᠢᠩ ᠬᠤᠳᠠ ᠶᠢᠨ ᠶᠠᠨᠴᠢᠩ ᠲᠣᠭᠤᠷᠢᠭ ᠲᠤ ᠬᠤᠷᠠᠯᠳᠤᠵᠤ | ᠂ ᠬᠤᠶᠠᠷ ᠭᠠᠵᠠᠷ ᠤᠨ ᠬᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠴᠢᠨᠠᠭᠰᠢᠳᠠ ᠠᠬᠢᠭᠤᠯᠬᠤ ᠲᠤᠬᠠᠢ | ᠭᠦᠨᠵᠡᠭᠡᠢ ᠪᠥᠭᠡᠳ ᠥᠷᠭᠡᠨ ᠳᠡᠯᠭᠡᠷ ᠰᠣᠯᠢᠯᠴᠠᠭ᠎ᠠ ᠬᠢᠵᠡᠢ᠃ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ᠂ ᠶᠠᠨᠴᠢᠩ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠢᠦᠢ ᠪᠥᠸᠧ ᠬᠤᠷᠠᠯ ᠳᠤ ᠣᠷᠣᠯᠴᠠᠵᠤ ᠲᠤᠰ ᠲᠤᠰ ᠶᠠᠷᠢᠶ᠎ᠠ ᠲᠠᠯᠪᠢᠵᠠᠢ᠃ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠶᠠᠨᠴᠢᠩ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠶᠧ ᠳ᠋ᠡ ᠬᠤᠸᠠ ᠬᠤᠶᠠᠷ | ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠵᠡᠭᠦᠨ ᠪᠠᠷᠠᠭᠤᠨ ᠣᠷᠣᠨ ᠤ | ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰ ᠲᠤᠰ ᠲᠠᠨᠢᠯᠴᠠᠭᠤᠯᠪᠠ᠃ | ᠬᠠᠮᠲᠤᠷᠠᠭᠰᠠᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠤᠶᠠᠷ ᠲᠠᠯ᠎ᠠ ᠪᠠᠷ ᠢᠶᠠᠨ ᠵᠡᠭᠦᠨ ᠪᠠᠷᠠᠭᠤᠨ | ᠣᠷᠣᠨ ᠤ ᠬᠠᠮᠵᠢᠯᠴᠠᠭᠠᠨ ᠤ ᠠᠵᠢᠯ ᠢ ᠰᠠᠶᠢᠲᠤᠷ ᠬᠢᠬᠦ᠂ ᠬᠤᠶᠠᠷ ᠭᠠᠵᠠᠷ ᠤᠨ ᠬᠠᠮᠲᠤ ᠶᠢᠨ ᠬᠥᠭᠵᠢᠯᠲᠡ ᠶᠢ | ᠠᠬᠢᠭᠤᠯᠬᠤ ᠶᠢᠨ ᠲᠣᠭᠤᠷᠢᠨ ᠳᠤ ᠶᠠᠷᠢᠯᠴᠠᠨ ᠰᠣᠯᠢᠯᠴᠠᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠶᠠᠷᠢᠶᠠᠨ ᠳᠠᠭᠠᠨ ᠶᠠᠨᠴᠢᠩ ᠲᠣᠭᠤᠷᠢᠭ ᠤᠨ | ᠤᠷᠳᠤ ᠬᠤᠭᠤᠴᠠᠭᠠᠨ ᠤ ᠲᠤᠷᠰᠢ ᠰᠢᠩ ᠡᡁᠧ ᠰᠢᠶᠠᠨ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠶᠠᠨᠴᠢᠩ ᠲᠣᠭᠤᠷᠢᠭ ᠤᠨ ᠳᠡᠮᠵᠢᠯᠭᠡ ᠳᠣᠤᠷ᠎ᠠ᠂ ᠡᠨᠡ ᠵᠢᠯ ᠪᠥᠬᠦ | ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠭᠤᠯᠬᠤ | ᠰᠠᠶᠢᠨ ᠪᠠᠶᠢᠳᠠᠯ ᠢᠯᠡᠷᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠣᠷᠣᠯᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠡᠷᠭᠡ | ᠭᠦᠢᠴᠡᠳᠭᠡᠯ ᠲᠤᠭ᠎ᠠ ᠶᠢ ᠪᠥᠬᠦ ᠬᠤᠲᠠ ᠳᠤ ᠲᠦᠷᠦᠭᠦᠯᠡᠵᠦ᠂ ᠬᠠᠮᠵᠢᠯᠴᠠᠬᠤ ᠲᠥᠷᠥᠯ ᠵᠦᠢᠯ ᠤᠨ ᠠᠬᠢᠴᠠ | ᠤᠷᠤᠭᠰᠢᠲᠠᠶ ᠪᠠᠶᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠲᠦᠷᠭᠡᠨ ᠪᠠᠶᠢᠨ᠎ᠠ ᠭᠡᠵᠡᠶ᠃ | ᠲᠤᠰᠢᠶᠠᠯ ᠡᠭᠦᠷᠭᠡᠯᠡᠭᠦᠯᠦᠭᠰᠡᠨ ᠺᠠᠳ᠋ᠷᠴᠤᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠬᠤ | ᠬᠠᠷᠢᠴᠠᠭ᠎ᠠ ᠪᠠᠨ ᠨᠢᠭᠲᠠᠷᠠᠭᠤᠯᠬᠤ᠂ ᠵᠦᠢᠯᠡᠰ ᠤᠨ ᠬᠡᠷᠡᠭᠵᠢᠭᠦᠯᠦᠯᠲᠡ ᠶᠢ ᠠᠬᠢᠭᠤᠯᠬᠤ ᠳᠤ ᠢᠳᠡᠪᠬᠢᠲᠡᠶ ᠬᠤᠪᠢ | ᠨᠡᠮᠡᠷᠢ ᠦᠵᠡᠭᠦᠯᠪᠡ᠃ | ᠸᠠᠩ ᠬᠤᠢ ᠢᠦᠢ ᠵᠢᠭᠠᠵᠤ ᠭᠠᠷᠭᠠᠭᠰᠠᠨ ᠨᠢ᠂ ᠣᠳᠣᠬᠠᠨ ᠳᠤ ᠰᠢᠩ ᠡᡁᠧ ᠰᠢᠶᠠᠨ ᠤ ᠬᠢᠨ ᠶᠡᠷᠦᠩᠬᠡᠢ | ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠪᠠᠷ ᠭᠤᠣᠯᠳᠠᠭᠤᠯᠵᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠲᠦᠷᠭᠡᠨ ᠪᠠᠶᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤ ᠪᠠᠲᠤ ᠪᠠᠬᠢ ᠰᠠᠭᠤᠷᠢ | ᠲᠠᠯᠪᠢᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠬᠢᠨ ᠬᠠᠮᠵᠢᠯᠴᠠᠬᠤ ᠳᠠᠯᠳᠠ | ᠬᠦᠴᠦᠨ ᠢᠶᠠᠨ ᠭᠦᠨᠵᠡᠭᠡᠶ ᠠᠭᠤᠳᠠᠯᠵᠤ᠂ ︽ᠬᠡᠷᠡᠭᠴᠡᠭᠡ︾ ᠪᠠ ︽ᠴᠢᠳᠠᠯ︾ ᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠰᠡᠳᠦᠪ ᠪᠠᠶᠢᠪᠠᠯ ᠬᠠᠮᠲᠤ ᠪᠠᠷ ᠬᠠᠷᠢᠭᠤᠯᠬᠤ᠂ ᠬᠠᠮᠲᠤ ᠪᠠᠷ ᠬᠥᠭᠵᠢᠬᠦ᠂ ᠬᠠᠷᠢᠯᠴᠠᠨ ᠠᠰᠢᠭ | ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠨ᠂ ᠨᠠᠩ ᠣᠯᠠᠨ ᠨᠠᠩ ᠥᠷᠭᠡᠨ ᠬᠠᠮᠲᠤᠷᠠᠯᠴᠠᠭᠠᠨ ᠤ ᠵᠠᠮ ᠢ | ᠢᠳᠡᠪᠬᠢᠲᠡᠶ ᠪᠠᠶᠢᠭᠤᠯᠵᠤ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ ᠶᠢᠨ ᠪᠣᠳᠠᠲᠠᠶ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠡᠷᠢᠯᠬᠢᠯᠡᠵᠦ᠂ ᠣᠷᠣᠨ ᠪᠦᠰᠡ ᠶᠢᠨ ᠬᠠᠮᠵᠢᠯᠴᠠᠭ᠎ᠠ ᠶᠢᠨ ᠭᠦᠨᠵᠡᠭᠡᠶᠢᠷᠡᠨ | ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠤᠨ᠂ ᠬᠠᠪᠰᠤᠷᠤᠨ ᠲᠡᠳᠬᠦᠬᠦ ᠶᠠᠰᠤ ᠴᠢᠨᠠᠷ ᠦᠷ᠎ᠡ ᠠᠰᠢᠭ ᠪᠠ | ᠬᠠᠮᠵᠢᠯᠴᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ | ᠢᠦᠢ ᠪᠦᠸᠧ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠬᠦᠷᠦᠯᠴᠡᠨ ᠢᠷᠡᠭᠰᠡᠨ ᠢ ᠪᠠᠶᠠᠷᠯᠠᠨ | ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠮᠠᠨ ᠤ ᠬᠤᠶᠠᠷ ᠲᠠᠯ᠎ᠠ ᠪᠠᠷ ᠢᠶᠠᠨ ᠶᠠᠨ ᠰᠢᠩ | ᠬᠠᠮᠲᠤᠷᠠᠯᠴᠠᠭ᠎ᠠ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠴᠢᠬᠤᠯᠠ ᠡᠭᠦᠷᠭᠡ ᠪᠣᠯᠭᠠᠭᠰᠠᠨ ᠢᠶᠠᠷ ᠪᠠᠷᠠᠬᠤ ᠦᠭᠡᠶ᠂ ᠨᠡᠩ ᠴᠤ ᠲᠡᠭᠦᠨ ᠢ ᠬᠤᠶᠠᠷ | ᠭᠠᠵᠠᠷ ᠤᠨ ᠤᠢᠢᠯᠠᠭᠠᠭᠳᠠᠬᠤᠨ ᠬᠠᠷᠢᠯᠴᠠᠨ ᠨᠡᠪᠲᠡᠷᠡᠯᠴᠡᠬᠦ᠂ ᠠᠵᠤ ᠦᠢᠯᠡᠰ ᠬᠠᠷᠢᠯᠴᠠᠨ ᠬᠥᠳᠡᠯᠦᠯᠴᠡᠬᠦ᠂ ᠮᠡᠳᠡᠭᠡ | ᠵᠠᠩᠭᠢ ᠬᠠᠷᠢᠯᠴᠠᠨ ᠬᠤᠯᠪᠣᠭᠠᠯᠠᠬᠤ᠂ ᠡᠬᠢ ᠪᠠᠶᠠᠯᠢᠭ ᠬᠠᠷᠢᠯᠴᠠᠨ ᠡᠳ᠋ᠯᠡᠬᠦ᠂ ᠲᠤᠷᠰᠢᠯᠭ᠎ᠠ ᠬᠠᠷᠢᠯᠴᠠᠨ ᠰᠤᠷᠤᠯᠴᠠᠬᠤ | ᠴᠢᠬᠤᠯᠠ ᠠᠵᠠ ᠲᠣᠬᠢᠶᠠᠯ ᠪᠣᠯᠭᠠᠵᠤ᠂ ᠪᠡᠯᠡ ᠮᠥᠩᠭᠦ᠂ ᠠᠵᠤ ᠦᠢᠯᠡᠰ᠂ ᠲᠦᠷᠦᠯ ᠵᠦᠢᠯ᠂ ᠴᠢᠳᠠᠪᠤᠷᠢᠲᠠᠨ ᠤ | ᠨᠢᠭᠲᠠ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠬᠤᠶᠠᠷ ᠲᠠᠯ᠎ᠠ ᠪᠠᠷ ᠢᠶᠠᠨ ᠤᠯᠠᠨ ᠵᠢᠯ ᠤᠨ ᠲᠤᠷᠰᠢ ᠭᠠᠷ | ᠬᠤᠯᠪᠣᠨ ᠡᠷᠡᠯᠬᠡᠭᠯᠡᠨ ᠤᠷᠤᠭᠰᠢᠯᠠᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠬᠦ ᠶᠠᠪᠤᠴᠠ ᠳᠤ᠂ ᠪᠢᠳᠡᠨ ᠤ ᠬᠠᠶᠢᠷ᠎ᠠ | ᠰᠡᠳᠬᠢᠯᠭᠡ ᠤᠯᠠᠮ ᠠᠴᠠ ᠤᠯᠠᠮ ᠣᠶᠢᠷᠠᠳᠴᠤ᠂ ᠬᠠᠮᠲᠤᠷᠠᠯᠴᠠᠭ᠎ᠠ ᠤᠯᠠᠮ ᠠᠴᠠ ᠤᠯᠠᠮ ᠭᠦᠨᠵᠡᠭᠡᠶᠢᠷᠡᠵᠦ᠂ ᠬᠠᠨᠳᠤᠰᠢ | ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠃ | ᠢᠦᠢ ᠪᠦᠸᠧ ᠵᠢᠭᠠᠵᠤ ᠭᠠᠷᠭᠠᠬᠤ ᠳᠠᠭᠠᠨ᠂ ᠶᠠᠨᠴᠢᠩ ᠲᠣᠭᠤᠷᠢᠭ ᠤᠨ ᠬᠢᠨ ᠨᠠᠮ ᠤᠨ ᠲᠥᠪ ᠬᠤᠷᠢᠶ᠎ᠠ᠂ | ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠡᠭᠦᠨ ᠪᠠᠷᠠᠭᠤᠨ ᠣᠷᠣᠨ ᠤ | ᠬᠠᠮᠵᠢᠯᠴᠠᠭᠠᠨ ᠤ ᠠᠵᠢᠯ ᠤᠨ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠩ ᠡᡁᠧ ᠰᠢᠶᠠᠨ ᠲᠠᠢ ᠮᠥᠷᠥ ᠵᠡᠷᠭᠡᠴᠡᠨ ᠭᠠᠷ ᠬᠤᠯᠪᠣᠯᠴᠠᠵᠤ᠂ | ᠦᠨᠡᠨᠴᠢ ᠪᠠᠷ ᠬᠠᠮᠲᠤᠷᠠᠯᠴᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠨᠠᠮ ᠤᠨ ᠬᠤᠷᠢᠶ᠎ᠡ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠠᠨᠰᠢᠩ ᠤᠨ ᠬᠠᠮᠵᠢᠯᠴᠠᠭ᠎ᠠ ᠯᠠᠪᠳᠠᠶ᠎ᠠ ᠨᠡᠩ ᠥᠷᠭᠡᠨ | ᠬᠦᠷᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠲᠡᠰᠢ ᠯᠠᠪᠳᠠᠭᠤᠨ ᠢᠶᠠᠷ ᠤᠷᠤᠭᠰᠢᠯᠠᠵᠤ᠂ | ᠬᠠᠮᠵᠢᠯᠴᠠᠨ ᠬᠥᠭᠵᠢᠬᠦ᠂ ᠬᠠᠮᠲᠤᠪᠠᠷ ᠴᠢᠨᠡᠭᠡᠯᠢᠭᠵᠢᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠡ | ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠲᠤᠰᠢᠶᠠᠯ ᠡᠭᠦᠷᠭᠡᠯᠡᠭᠦᠯᠦᠭᠰᠡᠨ ᠺᠠᠳ᠋ᠷᠴᠤᠳ ᠰᠡᠳᠬᠢᠯ | ᠰᠠᠨᠠᠭ᠎ᠠ ᠪᠣᠯᠤᠨ ᠤᠶᠤᠨ ᠴᠢᠳᠠᠯ ᠢᠶᠠᠨ ᠰᠢᠩ ᠡᡁᠧ ᠰᠢᠶᠠᠨ ᠤ ᠬᠥᠭᠵᠢᠯᠲᠡ ᠶᠢ ᠲᠦᠷᠭᠡᠳᠬᠡᠬᠦ ᠳᠡᠭᠡᠷ᠎ᠡ | ᠲᠥᠪᠯᠡᠷᠡᠭᠦᠯᠵᠦ᠂ ᠰᠡᠳᠬᠢᠯ ᠢᠶᠠᠨ ᠨᠢᠭᠡᠳᠬᠡᠵᠦ᠂ ᠪᠡᠶ᠎ᠡ ᠪᠠᠨ ᠪᠥᠬᠦ᠋ᠢᠨ ᠦᠨᠳᠦᠰᠦ ᠬᠠᠳᠬᠤᠵᠤ᠂ ᠬᠠᠮᠵᠢᠯᠴᠠᠬᠤ | ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠪᠣᠯᠤᠨ ᠠᠷᠠᠳ ᠲᠦᠮᠡᠨ ᠳᠤ ᠨᠢᠭᠡ | ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠵᠣᠣ ᠷᠦᠢ᠂ ᠶᠠᠩ ᠵᠧᠨ ᠳ᠋ᠦᠩ᠂ ᠸᠠᠩ ᠬᠠᠶ ᠵᠢᠶᠦ᠋ᠨ᠂ ᠵᠧᠤ ᠷᠦᠢ ᠵᠢᠶᠦ᠋ᠨ᠂ | ᠸᠠᠩ ᠵᠧᠩ ᠢ᠂ ᠵᠣᠣ ᠬᠤᠶ ᠵᠢᠤᠢ᠂ ᠬᠥᠩ ᠰᠢᠤ ᠯᠦᠩ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |