ᠮᠠᠨ ᠤ ᠰᠢᠶᠠᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠎ ᠤᠨ ᠰᠢᠷᠢᠰ ᠤᠬᠠᠭᠤᠯᠭ᠎ᠠ ᠶᠢᠨ ᠬᠦᠳᠡᠯᠭᠡᠭᠡᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/12/5
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠥᠬᠦ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠤᠯᠤᠰ ᠤᠨ ᠠᠷᠪᠠᠳᠤᠭᠠᠷ ᠦᠨᠳᠦᠰᠦᠨ ᠬᠠᠤᠯᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ 12 ᠰᠠᠷ᠎ᠠ ᠶᠢᠨ 4᠎ ᠤ ᠡᠳᠦᠷ᠂ ᠮᠠᠨ ᠤ ᠰᠢᠶᠠᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠎ ᠤᠨ ᠰᠢᠷᠢᠰ ᠤᠬᠠᠭᠤᠯᠭ᠎ᠠ ᠶᠢᠨ ᠬᠦᠳᠡᠯᠭᠡᠭᠡᠨ ᠤ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠬᠦᠳᠡᠯᠭᠡᠭᠡᠨ ᠤ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠠᠶ ᠶᠢᠨ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠡᠭᠦᠨ ᠤ ᠬᠠᠮᠲᠤ ᠢᠷᠭᠡᠨ ᠤ ᠬᠠᠤᠯᠢ ᠶᠢᠨ ᠪᠢᠴᠢᠭ᠂ ᠴᠠᠬᠢᠯᠭᠠᠨ ᠬᠤᠯᠪᠣᠭᠠᠨ ᠤ ᠮᠡᠬᠡᠯᠡᠯ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠳᠤ ᠴᠢᠭᠯᠡᠭᠦᠯᠦᠨ ᠲᠠᠶᠢᠯᠪᠤᠷᠢᠯᠠᠯᠲᠠ ᠬᠢᠵᠦ᠂ ᠪᠣᠳᠠᠲᠤ ᠬᠡᠷᠡᠭ ᠤᠨ ᠵᠢᠱᠢᠶ᠎ᠡ ᠪᠠᠷ ᠦᠨᠳᠦᠰᠦᠨ ᠬᠠᠤᠯᠢ ᠵᠢᠴᠢ ᠵᠠᠷᠭᠤ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠲᠤᠬᠠᠢ ᠶᠢᠨ ᠲᠠᠯᠠᠪᠤᠷ ᠤᠨ ᠯᠠᠪᠯᠠᠯᠲᠠ ᠶᠢ ᠬᠦᠯᠢᠶᠡᠨ ᠠᠪᠴᠤ᠂ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠤᠯᠠᠨ ᠢ ᠬᠦᠳᠦᠯᠦᠨ ᠵᠢᠯᠣᠭᠤᠳᠴᠤ ᠠᠰᠠᠭᠤᠳᠠᠯ ᠲᠤᠯᠭᠠᠷᠠᠪᠠᠯ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠠᠰᠠᠭᠤᠳᠠᠯ ᠢ ᠰᠢᠢᠳᠪᠦᠷᠢᠯᠡᠵᠦ᠂ ᠬᠠᠤᠯᠢ ᠴᠠᠭᠠᠵᠠ ᠶᠢᠨ ᠵᠡᠪᠰᠡᠭ ᠢᠶᠠᠷ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠬᠤ ᠬᠡᠷᠡᠭᠲᠡᠢ᠃      ᠮᠠᠨ ᠤ ᠰᠢᠶᠠᠨ ︽ᠤᠯᠤᠰ ᠤᠨ ᠦᠨᠳᠦᠰᠦᠨ ᠬᠠᠤᠯᠢ ᠶᠢᠨ ᠡᠳᠦᠷ︾ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠎ ᠤᠨ ᠤᠬᠠᠭᠤᠯᠭ᠎ᠠ ᠵᠢᠨ‌‍ᠬᠦ᠋ᠳᠡᠯᠭᠡᠭᠡᠨ ᠤ ᠬᠤᠭᠤᠴᠠᠭᠠᠨ ᠳᠤ᠂ ᠪᠦᠬᠦ ᠠᠷᠠᠳ ᠤᠨ ᠰᠤᠷᠤᠯᠴᠠᠵᠤ ᠤᠬᠠᠭᠤᠯᠬᠤ ᠠᠵᠠ ᠲᠣᠬᠢᠶᠠᠯ ᠢ ᠠᠮᠵᠢᠵᠤ᠂ ᠦᠨᠳᠦᠰᠦᠨ ᠬᠠᠤᠯᠢ ᠶᠢ ᠰᠤᠷᠤᠯᠴᠠᠵᠤ ᠤᠬᠠᠭᠤᠯᠬᠤ ᠠᠵᠢᠯᠯᠠᠭ᠎ᠠ ᠶᠢ ᠦᠷᠭᠦᠯᠵᠢᠯᠡᠨ ᠤᠯᠠᠨ ᠬᠠᠷᠠᠭᠠᠰᠤ᠂ ᠤᠯᠠᠨ ᠬᠡᠯᠪᠡᠷᠢ ᠪᠠᠷ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠰᠢᠶᠠᠩ ᠪᠠᠯᠭᠠᠰᠤᠨ ᠤ ᠡᠯ᠎ᠡ ᠥᠨᠴᠥᠭ ᠪᠤᠯᠤᠩ ᠳᠤ ᠨᠡᠪᠴᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠤᠯᠠᠨ ᠲᠦᠮᠡᠨ ᠲᠠᠢ ᠣᠶᠢᠷᠠᠲᠤᠭᠤᠯᠵᠤ᠂ ᠦᠨᠳᠦᠰᠦᠨ ᠬᠠᠤᠯᠢ ᠶᠢ ᠪᠦᠬᠦ ᠨᠡᠶᠢᠭᠡᠮ ᠳᠤ ᠥᠷᠭᠡᠨ ᠢᠶᠠᠷ ᠬᠠᠮᠤᠷᠬᠤ ᠶᠢ ᠲᠦᠯᠬᠢᠨ ᠠᠬᠢᠭᠤᠯᠵᠤ᠂ ᠪᠦᠬᠦ ᠠᠷᠠᠳ ᠢᠶᠠᠷ ᠢᠶᠠᠨ ᠬᠠᠤᠯᠢ ᠶᠢ ᠰᠤᠷᠤᠯᠴᠠᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠰᠢᠶᠠᠨ ᠤ ᠤᠳᠤᠷᠢᠳᠤᠯᠭ᠎ᠠ ᠯᠢ ᠼᠠᠢ ᠴᠢᠩ᠂ ᠵᠢᠶ ᠰᠢᠶᠤᠤ ᠬᠤᠶ᠂ ᠰᠦᠨ ᠬᠠᠶ ᠵᠢᠶᠦ᠋ᠨ᠂ ᠳ᠋ᠦ᠋ ᠯᠢ ᠰᠢᠨ᠂ ᠵᠠᠩ ᠰᠢᠶᠤᠤ ᠶᠠᠨ᠂ ᠵᠠᠩ ᡁᠢ ᠮᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3