ᠡᠷᠳᠡᠨᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠰᠣᠯᠢᠯᠴᠠᠭ᠎ᠠ ᠲᠣᠯᠢᠯᠠᠯ ᠤᠨ ᠬᠦᠳᠡᠯᠭᠡᠭᠡᠨ
ᠨᠡᠶᠢᠲᠡᠯᠡᠭᠰᠡᠨ ᠴᠠᠭ᠄
2023/12/6
      ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠢ ᠪᠣᠯ ᠲᠦᠭ ᠲᠦᠮᠡᠨ ᠨᠠᠮ ᠤᠨ ᠭᠡᠰᠢᠭᠦᠨ ᠲᠦᠮᠡᠨ ᠤ ᠳᠣᠲᠣᠷ᠎ᠠ ᠠᠴᠠ ᠰᠣᠩᠭᠤᠵᠤ ᠭᠠᠷᠭᠠᠭᠰᠠᠨ ᠶᠤᠮ᠂ ᠲᠡᠷᠡ ᠪᠣᠯ ᠡᠯ᠎ᠡ ᠬᠦᠷᠢᠶ᠎ᠡ᠂ ᠡᠯ᠎ᠡ ᠠᠵᠢᠯ ᠲᠦᠷᠦᠯ ᠤᠨ ᠲᠡᠷᠢᠭᠦᠨ ᠤ ᠬᠥᠮᠦᠰ ᠪᠠ ᠰᠢᠯᠭᠠᠷᠠᠭᠰᠠᠨ ᠲᠥᠯᠥᠭᠡᠯᠡᠭᠴᠢ ᠮᠥᠨ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 12 ᠰᠠᠷ᠎ᠠ ᠶᠢᠨ 5᠎ ᠤ ᠡᠳᠦᠷ᠂  ᠡᠷᠳᠡᠨᠢ ᠪᠠᠯᠭᠠᠰᠤᠨ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠰᠣᠯᠢᠯᠴᠠᠨ ᠲᠣᠯᠢᠯᠠᠬᠤ ᠠᠵᠢᠯᠯᠠᠭ᠎ᠠ ᠥᠷᠨᠢᠭᠦᠯᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠬᠠᠷᠢᠯᠴᠠᠬᠤ ᠲᠠᠰᠤᠭ᠂ ᠲᠣᠰᠬᠤᠨ ᠤ ᠬᠠᠷᠢᠯᠴᠠᠬᠤ ᠥᠷᠲᠡᠭᠡ ᠶᠢᠨ ᠬᠠᠷᠢᠭᠤᠴᠠᠯᠭᠠᠲᠠᠨ ᠲᠣᠰ ᠬᠦᠳᠡᠯᠭᠡᠭᠡᠨ ᠳᠤ ᠣᠷᠣᠯᠴᠠᠵᠠᠶ᠃     ᠬᠦᠳᠡᠯᠭᠡᠭᠡᠨ ᠳᠤ ︽ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ + ᠲᠤᠬᠠᠶ ᠶᠢᠨ ᠭᠠᠵᠠᠷ ᠲᠤᠨᠢ ᠲᠤᠰᠢᠶᠠᠯ ᠤᠨ ᠮᠡᠳᠡᠭᠦᠯᠦᠯᠲᠡ ᠬᠢᠬᠦ︾ ᠠᠷᠭ᠎ᠠ ᠮᠠᠶ᠋ᠢᠭ ᠢ ᠠᠪᠴᠤ᠂ ᠡᠯ᠎ᠡ ᠬᠠᠷᠢᠯᠴᠠᠬᠤ ᠥᠷᠲᠡᠭᠡ ᠳᠤ ᠭᠦᠨᠵᠡᠭᠡᠶᠢᠷᠡᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠠᠵᠢᠯ ᠥᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠣᠶᠢᠯᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠤᠯᠠᠨ ᠢᠶᠠᠷ ᠢᠶᠠᠨ ᠴᠥᠮ ᠡᠯ᠎ᠡ ᠬᠠᠷᠢᠯᠴᠠᠭᠠᠨ ᠤ ᠦᠷᠳᠡᠭᠡ ᠶᠢᠨ ᠠᠵᠢᠯ ᠳᠤ ᠴᠢᠭᠯᠡᠭᠦᠯᠤᠯᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠰᠠᠨᠠᠭᠤᠯᠭ᠎ᠠ ᠰᠠᠨᠠᠯ ᠢᠶᠠᠨ ᠳᠤᠷᠠᠳᠤᠭᠰᠠᠨ ᠪᠠᠶᠢᠨ᠎ᠠ᠃      ᠬᠦᠳᠡᠯᠭᠡᠭᠡᠨ ᠳᠤᠮᠳᠠ᠂ ᠡᠯ᠎ᠡ ᠬᠠᠷᠢᠯᠴᠠᠬᠤ ᠥᠷᠲᠡᠭᠡᠨ ᠤ ᠬᠠᠷᠢᠭᠤᠴᠠᠯᠭᠠᠲᠠᠨ PPT + ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠠᠷᠭ᠎ᠠ ᠮᠠᠶ᠋ᠢᠭ ᠢ ᠠᠪᠴᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ  ᠦᠢᠯᠡᠴᠢᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠪᠥᠬᠦ ᠲᠠᠯ᠎ᠠ ᠪᠠᠷ ᠲᠠᠶᠢᠯᠤᠮᠵᠢ ᠬᠢᠵᠦ ᠂ ᠲᠥᠯᠥᠭᠡᠯᠡᠭᠴᠢᠳ ᠭᠡᠰᠢᠭᠦᠳ ᠤᠨ ᠴᠤᠭ ᠵᠢᠪᠬᠤᠭ᠎ᠠ ᠶᠢ  ᠭᠦᠢᠴᠡᠳ ᠢᠯᠡᠷᠡᠭᠦᠯᠪᠡ᠃ ᠠᠵᠢᠯᠯᠠᠭ᠎ᠠ ᠶᠢᠨ ᠲᠠᠷᠠᠭ᠎ᠠ᠂  ᠡᠷᠳᠡᠨᠢ ᠪᠠᠯᠭᠠᠰᠤ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠵᠤ ᠬᠤᠪᠢᠶᠠᠨ ᠡᠳ᠋ᠯᠡᠬᠦ ᠬᠤᠷᠠᠯ ᠬᠢᠵᠦ᠂ ᠬᠤᠷᠠᠯ ᠳᠡᠭᠡᠷ᠎ᠡ ᠤᠯᠠᠨ ᠢᠶᠠᠷ ᠢᠶᠠᠨ ᠰᠠᠨᠠᠯ ᠢᠶᠠᠨ ᠰᠣᠯᠢᠯᠴᠠᠵᠤ᠂ ᠲᠤᠷᠰᠢᠯᠭ᠎ᠠ ᠪᠠᠨ ᠬᠠᠷᠢᠯᠴᠠᠨ ᠬᠤᠪᠢᠶᠠᠯᠴᠠᠵᠤ᠂ ᠬᠦᠷᠦᠯᠴᠡᠬᠦ ᠦᠭᠡᠢ ᠲᠠᠯ᠎ᠠ ᠪᠠᠨ ᠵᠢᠭᠠᠵᠤ ᠭᠠᠷᠭᠠᠪᠠ᠃      ᠬᠤᠷᠠᠯ ᠠᠴᠠ  ᠴᠢᠬᠤᠯᠠᠴᠢᠯᠡᠭᠰᠡᠨ ᠨᠢ᠂ ᠲᠥᠯᠥᠭᠡᠯᠡᠭᠴᠢ ᠭᠡᠰᠢᠭᠦᠨ ᠤ ᠤᠯᠤᠰ ᠲᠦᠷᠦ ᠶᠢᠨ ᠵᠣᠭᠰᠣᠴᠠ ᠶᠢ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠤᠯᠠᠨ ᠲᠦᠮᠡᠨ ᠤ ᠵᠣᠭᠰᠣᠴᠠ ᠠᠴᠠ ᠤᠴᠢᠷ ᠶᠠᠪᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠬᠠᠷᠢᠭᠤᠯᠲᠠ ᠥᠭᠬᠦ ᠬᠡᠷᠡᠭᠲᠡᠢ᠃ ︽ᠲᠠᠪᠤᠨ ᠶᠡᠭᠡ ᠠᠵᠢᠯᠲᠠᠨ︾ ᠪᠣᠯᠤᠭᠰᠠᠨ ᠤ ᠰᠠᠭᠤᠷᠢᠨ ᠳᠡᠭᠡᠷ᠎ᠡ᠂ ᠣᠯᠠᠨ ᠲᠦᠮᠡᠨ ᠠᠴᠠ ︽ᠰᠠᠨᠠᠭᠠᠴᠢᠯᠠᠭ᠎ᠠ ᠠᠴᠠ ᠪᠠᠨ ᠠᠰᠠᠭᠤᠨ ᠣᠨᠣᠰᠢᠯᠠᠵᠤ︾᠂ ᠲᠥᠭᠡᠷᠢᠭᠳᠡᠯ ᠢ ᠠᠷᠢᠯᠭᠠᠨ ᠬᠦᠴᠢᠷᠳᠡᠯ ᠢ ᠰᠢᠢᠳᠪᠦᠷᠢᠯᠡᠵᠦ᠂ ︽ᠨᠠᠷᠢᠯᠢᠭ ᠣᠨᠣᠴᠠᠲᠠᠶ ᠪᠠᠷ ᠠᠰᠠᠭᠤᠨ ᠣᠨᠣᠰᠢᠯᠠᠬᠤ + ᠴᠢᠨᠠᠷ ᠰᠠᠶᠢᠲᠠᠶ ᠦᠢᠯᠡᠴᠢᠯᠡᠭᠡ + ᠬᠠᠮᠲᠤ ᠪᠠᠷ ᠬᠥᠳᠡᠯᠦᠯᠴᠡᠬᠦ︾ ᠲᠣᠭᠲᠠᠴᠠ ᠶᠢ ᠪᠣᠶ ᠪᠣᠯᠭᠠᠵᠤ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠡᠷᠳᠡᠨᠢ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠢᠶᠠᠷ ᠲᠦᠰᠢᠭ ᠪᠣᠯᠭᠠᠵᠤ᠂ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢᠶᠠᠷ ᠠᠴᠢᠶᠠᠯᠠᠪᠤᠷᠢ ᠪᠣᠯᠭᠠᠵᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂  ᠡᠷᠳᠡᠨᠢ ᠪᠠᠯᠭᠠᠰᠤ ᠶᠢᠨ ᠣᠷᠣᠨ ᠪᠠᠶᠢᠷᠢ᠂ ᠵᠠᠮ ᠬᠠᠷᠢᠯᠴᠠᠭ᠎ᠠ᠂ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3