ᠰᠢᠩ ᠾᠧ ᠰᠢᠶᠠᠨ᠄ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ︽ᠰᠢᠨ᠎ᠡ︾ ᠳᠦᠷᠢ ᠲᠥᠷᠬᠦ ᠲᠠᠢ ᠪᠣᠯᠪᠠ
ᠨᠡᠶᠢᠲᠡᠯᠡᠭᠰᠡᠨ ᠴᠠᠭ᠄
2023/12/6
      ᠣᠶᠢᠷ᠎ᠠ ᠶᠢᠨ ᠵᠢᠯ ᠤᠳ ᠲᠤ᠂ ᠪᠥᠬᠦ ᠰᠢᠶᠠᠨ ᠤ ᠨᠠᠰᠤᠵᠢᠯᠲᠠ ᠶᠢᠨ ᠠᠬᠢᠴᠠ ᠲᠠᠰᠤᠷᠠᠯᠲᠠ ᠥᠬᠡᠶ ᠲᠦᠷᠭᠡᠳᠬᠦ ᠶᠢ ᠳᠠᠭᠠᠯᠳᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠠᠯᠬᠤᠮ ᠠᠯᠬᠤᠮ ᠢᠶᠠᠷ ᠢᠯᠡᠷᠡᠨ ᠭᠠᠷᠴᠤ᠂ ᠣᠳᠣᠬᠠᠨ ᠳᠤ᠂ ᠮᠠᠨ ᠤ ᠰᠢᠶᠠᠨ ᠤ 60 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ 55296 ᠪᠠᠶᠢᠵᠤ᠂ 32.94%᠎ ᠶᠢ ᠡᠵᠡᠯᠡᠵᠦ ᠪᠠᠶᠢᠨ᠎ᠠ᠂ ᠡᠭᠦᠨ ᠳᠤ 65 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ 39089 ᠪᠠᠶᠢᠵᠤ᠂ 23.28%᠎ ᠶᠢ ᠡᠵᠡᠯᠡᠵᠦ ᠪᠠᠶᠢᠨ᠎ᠠ᠃ ᠬᠥᠳᠡᠭᠡ ᠲᠣᠰᠬᠤᠨ ᠳᠤ ᠰᠠᠭᠤᠵᠤ ᠪᠠᠶᠢᠭ᠎ᠠ ᠬᠥᠮᠦᠨ ᠠᠮᠠ 92081 ᠪᠠᠶᠢᠵᠤ᠂ 54.85%᠎ ᠶᠢ ᠡᠵᠡᠯᠡᠵᠦ ᠪᠠᠶᠢᠨ᠎ᠠ᠃ ᠪᠥᠬᠦ ᠰᠢᠶᠠᠨ ᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠰᠠᠭᠤᠷᠢ ᠲᠥᠬᠦᠭᠡᠷᠦᠮᠵᠢ ᠠᠨᠠᠶ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠤ ᠰᠠᠭᠤᠷᠢ ᠵᠡᠷᠭᠡ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠰᠢᠩ ᠾᠧ ᠰᠢᠶᠠᠨ ᠤ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠲᠠᠰ ᠳᠡᠪᠰᠢᠭᠦᠯᠬᠦ ᠶᠢ ᠢᠳᠡᠪᠬᠢᠲᠡᠶ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠬᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠬᠤ ᠳᠤᠮᠳᠠᠬᠢ ᠬᠥᠳᠡᠭᠡ ᠣᠲᠣ ᠪᠣᠯᠲᠠᠯ᠎ᠠ᠂ ᠪᠥᠬᠦ ᠵᠢᠯ ᠳᠤ ᠨᠡᠶᠢᠲᠡ 14 ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ 2023 ᠣᠨ ᠤ ᠥᠭᠡᠷᠡᠴᠢᠯᠡᠨ ᠳᠡᠭᠡᠭᠰᠢᠯᠡᠭᠦᠯᠬᠦ ᠡᠭᠦᠷᠭᠡ ᠶᠢ ᠪᠡᠶᠡᠯᠡᠭᠦᠯᠪᠡ᠃      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠰᠲ᠋ᠧᠮ ᠲᠠᠢ ᠪᠠᠷ ᠲᠥᠯᠥᠪᠵᠢᠭᠦᠯᠦᠨ ᠪᠠᠶᠢᠷᠢᠯᠠᠭᠤᠯᠤᠨ᠎ᠠ      ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠠᠵᠢᠯ ᠢ ᠤᠯᠠᠨ ᠵᠢᠯ ᠳᠠᠷᠠᠭᠠᠯᠠᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠨᠠᠷᠢᠨ ᠳᠠᠩᠰᠠᠨ ᠳᠤ ᠡᠭᠦᠨ ᠤ ᠵᠡᠷᠭᠡᠴᠡᠭᠡᠪᠡᠷ ᠰᠢᠶᠠᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠰᠢᠩ ᠾᠧ ᠰᠢᠶᠠᠨ ᠤ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠰᠡᠯᠪᠢᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠣᠳᠣᠬᠠᠨ ᠤ ᠠᠵᠢᠯ ᠢ ᠬᠠᠮᠢᠶᠠᠷᠴᠤ᠂ ᠠᠯᠤᠰ ᠬᠡᠳᠦ ᠳᠤ ᠠᠰᠢᠭᠲᠠᠶ ᠨᠢᠭᠡ ᠪᠦᠯᠦᠭ ᠲᠦᠷᠢᠮ ᠤᠨ ᠦᠷ᠎ᠡ ᠪᠦᠲᠦᠭᠡᠯ ᠢ ᠪᠤᠢ ᠪᠣᠯᠭᠠᠭᠰᠠᠨ ᠪᠠᠶᠢᠨ᠎ᠠ᠃ ᠰᠢᠶᠠᠨ ᠤ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠨᠢ ᠠᠷᠠᠳ ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠰᠢᠶᠠᠩ ᠪᠠᠯᠭᠠᠰᠤᠨ ᠳᠤ ᠬᠦᠷᠴᠦ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠪᠠᠶᠢᠭᠤᠯᠵᠤ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠠᠴᠠ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ ᠶᠢ ᠭᠤᠣᠯᠳᠠᠯᠭ᠎ᠠ ᠲᠠᠢ ᠢᠨᠵᠧᠨᠧᠷᠢᠩ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠠᠭᠤᠯᠭ᠎ᠠ ᠳᠤ ᠣᠷᠣᠭᠤᠯᠬᠤ ᠶᠢᠨ ᠬᠠᠮᠲᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠠᠬᠢᠭᠤᠯᠬᠤ ᠬᠤᠷᠠᠯ ᠢ ᠬᠤᠷᠠᠯᠳᠤᠭᠤᠯᠵᠤ᠂  ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ ᠲᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠨᠢᠭᠡᠳᠦᠯᠲᠡᠶ ᠲᠥᠯᠥᠪᠯᠡᠵᠦ᠂ ᠰᠠᠭᠤᠷᠢ ᠪᠣᠯᠬᠤ ᠳᠤᠲᠠᠭᠤᠳᠠᠯ ᠢ ᠨᠥᠬᠦᠪᠥᠷᠢᠯᠡᠨ᠎ᠡ      ︽ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠩ ᠡᡁᠧ ᠰᠢᠶᠠᠨ ᠬᠥᠳᠡᠭᠡ ᠲᠣᠰᠬᠤᠨ ᠤ ᠵᠣᠯ ᠵᠢᠷᠭᠠᠯᠲᠤ ᠬᠦᠷᠢᠶᠡᠯᠡᠩ ᠤᠨ ᠤᠰᠤᠨ ᠵᠣᠷᠯᠣᠩ ᠤᠨ ᠥᠭᠡᠷᠡᠴᠢᠯᠡᠯᠲᠡ᠂ ᠠᠷᠢᠭᠤᠨ ᠴᠡᠪᠡᠷ ᠡᠨᠧᠷᠭᠢ ᠶᠢᠨ ᠬᠠᠩᠭᠠᠯᠭ᠎ᠠ ᠶᠢᠨ ᠥᠭᠡᠷᠡᠴᠢᠯᠡᠯᠲᠡ᠂ ᠨᠠᠰᠤᠵᠢᠯᠲᠠ ᠳᠤ ᠳᠤᠬᠢᠷᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠵᠤ᠂ ᠵᠣᠯ ᠵᠢᠷᠭᠠᠯᠲᠤ ᠬᠦᠷᠢᠶᠡᠯᠡᠩ ᠤᠨ ᠬᠦᠷᠢᠶ᠎ᠡ ᠬᠠᠰᠢᠶ᠎ᠠ ᠶᠢ ᠵᠠᠰᠠᠬᠤ᠂ ᠵᠠᠮ ᠵᠠᠰᠠᠬᠤ᠂ ᠣᠷᠴᠢᠨ ᠲᠣᠭᠤᠷᠢᠨ ᠢ ᠵᠠᠰᠠᠬᠤ ᠶᠢ ᠶᠡᠬᠡᠪᠡᠷ ᠬᠡᠷᠡᠭᠵᠢᠭᠦᠯᠪᠡ᠃ ᠡᠭᠦᠨ ᠤ ᠬᠠᠮᠲᠤ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠰᠡᠯᠪᠢᠨ ᠵᠠᠰᠠᠵᠤ ᠥᠭᠡᠷᠡᠴᠢᠯᠡᠬᠦ ᠪᠠᠷ ᠤᠳᠤᠷᠢᠳᠤᠮᠵᠢ ᠪᠣᠯᠭᠠᠵᠤ᠂ ᠡᠯ᠎ᠡ ᠲᠠᠯ᠎ᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠯᠪᠡᠷᠢ ᠪᠠᠨ ᠬᠤᠪᠢᠷᠠᠭᠤᠯᠤᠨ ᠲᠠᠰ ᠡᠨᠡ ᠵᠢᠯ ᠠᠴᠠ ᠨᠠᠰᠢ᠂ ᠰᠢᠩ ᠡᡁᠧ ᠰᠢᠶᠠᠨ ᠤ ᠬᠢᠨ ᠡᠯ᠎ᠡ ᠲᠦᠷᠦᠯ ᠤᠨ ᠪᠡᠯᠡ ᠮᠥᠩᠭᠦ ᠶᠢ ᠨᠡᠶᠢᠳᠬᠡᠵᠦ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ 3 ᠵᠣᠯ ᠵᠢᠷᠭᠠᠯ ᠤᠨ ᠬᠦᠷᠢᠶᠡᠯᠡᠩ ᠳᠤ ︽ᠭᠤᠷᠪᠠ ᠶᠢ ᠥᠭᠡᠷᠡᠴᠢᠯᠡᠨ ᠭᠤᠷᠪᠠ ᠶᠢ ᠵᠠᠰᠠᠬᠤ︾ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠪᠡ᠂ ᠡᠭᠦᠨ ᠳᠤ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ ᠠᠰᠢᠭᠯᠠᠨ ᠤᠰᠤ ᠪᠠᠷ ᠤᠬᠢᠶᠠᠬᠤ ᠵᠣᠷᠯᠣᠩ ᠢ ᠰᠢᠨᠡᠳᠬᠡᠨ ᠵᠠᠰᠠᠬᠤ 472 ᠡᠷᠦᠬᠡ᠂ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠠᠰᠢᠭᠯᠠᠨ ᠴᠡᠪᠡᠷ ᠡᠨᠧᠷᠭᠢ ᠶᠢᠨ ᠬᠠᠩᠭᠠᠯᠭ᠎ᠠ ᠶᠢ ᠰᠢᠨᠡᠳᠬᠡᠨ ᠵᠠᠰᠠᠬᠤ 398 ᠡᠷᠦᠬᠡ᠂ ᠠᠷᠠᠳ ᠤᠨ ᠶᠠᠪᠤᠳᠠᠯ ᠤᠨ ᠲᠤᠰᠬᠠᠢ ᠪᠡᠯᠡ ᠮᠥᠩᠭᠦ ᠶᠢ ᠠᠰᠢᠭᠯᠠᠨ 292 ᠡᠷᠦᠬᠡ ᠶᠢᠨ ᠨᠠᠰᠤᠵᠢᠯᠲᠠ ᠳᠤ ᠳᠤᠬᠢᠷᠠᠬᠤ ᠥᠭᠡᠷᠡᠴᠢᠯᠡᠯᠲᠡ ᠶᠢ ᠥᠷᠨᠢᠭᠦᠯᠵᠡᠢ᠃ ᠡᠭᠦᠨ ᠤ ᠵᠡᠷᠭᠡ ᠳᠤ 780 ᠭᠠᠷᠤᠶ ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠳ᠋ᠢᠶᠠᠨ ᠽᠢ ᠪᠠᠯᠭᠠᠰᠤ᠂ ᠵᠠᠩ ᠭᠤᠣ ᠪᠠᠯᠭᠠᠰᠤ᠂ ᠴᠧᠩ ᠭᠤᠸᠠᠨ ᠪᠠᠯᠭᠠᠰᠤ ᠵᠡᠷᠭᠡ ᠰᠢᠶᠠᠩ ᠪᠠᠯᠭᠠᠰᠤᠨ ᠤ 14 ᠵᠣᠯ ᠵᠢᠷᠭᠠᠯ ᠤᠨ ᠬᠦᠷᠢᠶᠡᠯᠡᠩ ᠳᠤ ᠰᠠᠭᠤᠷᠢ ᠰᠡᠯᠪᠢᠨ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠵᠡᠶ᠃      ᠭᠤᠷᠪᠠ ᠳᠤ᠂ ᠥᠭᠡᠷᠡᠴᠢᠯᠡᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠵᠤ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ      ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠲᠠᠰ ᠳᠡᠪᠰᠢᠭᠦᠯᠬᠦ ᠶᠠᠪᠤᠴᠠ ᠳᠤ᠂ ᠬᠡᠪᠴᠢᠶ᠎ᠡ ᠶᠢ ᠵᠣᠬᠢᠰᠲᠠᠶ ᠪᠠᠶᠢᠯᠭᠠᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠲᠥᠷᠥᠯ ᠬᠤᠪᠢᠶᠠᠨ ᠳᠡᠭᠡᠭᠰᠢᠯᠡᠭᠦᠯᠬᠦ ᠶᠢ ᠬᠡᠷᠡᠭᠵᠢᠭᠦᠯᠦᠨ᠂ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠥᠬᠡᠶ᠃ ᠬᠡᠷᠡᠭᠵᠢᠭᠦᠯᠬᠦ ᠠᠴᠠ ᠡᠮᠦᠨ᠎ᠡ᠂ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ ᠶᠢ ᠬᠢᠨᠠᠮᠠᠭᠠᠶ ᠥᠷᠨᠢᠭᠦᠯᠵᠦ᠂ ᠨᠠᠰᠤᠲᠠᠶᠢᠴᠤᠳ ᠤᠨ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠷᠡᠭᠵᠢᠭᠦᠯᠬᠦ ᠦᠶ᠎ᠡ ᠳᠤ᠂ ᠣᠲᠣ ᠶᠢᠨ ᠪᠠᠶᠢᠭ᠎ᠠ ᠰᠠᠭᠤᠷᠢ ᠪᠡᠯᠡᠳᠬᠡᠮᠵᠢ ᠳᠤ ᠲᠦᠰᠢᠭᠯᠡᠨ ᠥᠭᠡᠷᠡᠴᠢᠯᠡᠨ ᠪᠠᠶᠢᠭᠤᠯᠵᠤ ᠲᠠᠰ ᠳᠡᠪᠰᠢᠭᠦᠯᠬᠦ ᠪᠠ ᠴᠢᠳᠠᠮᠵᠢ ᠶᠢ ᠨᠢ ᠥᠷᠭᠡᠳᠬᠡᠵᠦ᠂ ᠭᠤᠤᠯ ᠣᠶᠤᠨ ᠴᠢᠳᠠᠯ ᠪᠠ ᠡᠬᠢ ᠪᠠᠶᠠᠯᠢᠭ ᠢᠶᠠᠨ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠ ᠬᠦᠴᠢᠷᠳᠡᠯᠲᠡᠶ ᠨᠠᠰᠤᠲᠠᠶᠢᠴᠤᠳ ᠲᠤ ᠪᠣᠳᠠᠲᠠᠶ ᠠᠵᠢᠯ ᠬᠢᠵᠦ ᠥᠭᠬᠦ ᠳᠡᠭᠡᠷ᠎ᠡ ᠲᠥᠪᠯᠡᠷᠡᠭᠦᠯᠬᠦ ᠬᠡᠷᠡᠭᠲᠡᠶ᠃ ᠬᠡᠷᠡᠭᠵᠢᠭᠦᠯᠦᠭᠰᠡᠨ ᠤ ᠳᠠᠷᠠᠭ᠎ᠠ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠬᠠᠷᠢᠭᠤ ᠰᠤᠷᠪᠤᠯᠵᠢᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠤᠨ ᠡᠯ᠎ᠡ ᠵᠦᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠨᠠᠷᠢᠨ  ᠵᠦᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ︽ᠱᠠᠲᠤᠯᠠᠨ ᠠᠬᠢᠭᠤᠯᠬᠤ︾ ᠵᠠᠷᠴᠢᠮ ᠶᠣᠰᠣᠭᠠᠷ᠂ ᠣᠲᠣ ᠪᠣᠯᠲᠠᠯ᠎ᠠ ᠨᠢᠭᠡᠨᠲᠡ 3 ᠰᠢᠶᠠᠩ ᠪᠠᠯᠭᠠᠰᠤᠨ ᠤ ᠱᠠᠲᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠ 23 ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠷᠠᠳᠢᠦ᠋ᠰ ᠨᠢ ᠤᠯᠠᠮ ᠨᠢᠭᠡ ᠠᠯᠬᠤᠮ ᠥᠷᠭᠡᠳᠴᠡᠶ᠃      ᠳᠥᠷᠪᠡ ᠳᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠬᠦᠯᠦᠨ᠎ᠡ      ︽ᠬᠠᠷᠢᠯᠴᠠᠨ ᠬᠠᠪᠰᠤᠷᠤᠯᠴᠠᠵᠤ ᠨᠠᠰᠤᠵᠢᠯ ᠤᠨ ᠠᠰᠠᠷᠠᠮᠵᠢ ᠭᠥᠷᠳᠡᠬᠦ︾ ᠵᠠᠭᠪᠤᠷ ᠢᠶᠠᠷ ᠳᠠᠮᠵᠢᠭᠤᠯᠤᠨ᠂ ᠪᠠᠭ᠎ᠠ ᠨᠠᠰᠤᠨ ᠤ ᠨᠠᠰᠤᠲᠠᠶᠢᠴᠤᠳ ᠤᠨ ︽ᠪᠤᠭᠤᠷᠤᠯᠴᠤᠳ ᠤᠨ︾ ᠬᠦᠴᠦᠨ ᠢᠶᠠᠨ ᠪᠠᠳᠠᠷᠠᠭᠤᠯᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠲᠣᠰᠬᠤᠨ ᠤ ᠰᠤᠷᠲᠠᠯ ᠢ ᠪᠣᠶ ᠪᠣᠯᠭᠠᠨ᠎ᠠ᠃ ᠡᠯ᠎ᠡ ᠰᠢᠶᠠᠩ ᠪᠠᠯᠭᠠᠰᠤᠨ ᠤ ᠨᠠᠰᠤᠲᠠᠶᠢᠴᠤᠳ ᠤᠨ ᠦᠢᠯᠡᠴᠢᠯᠡᠭᠡᠨ ᠤ ᠬᠡᠷᠡᠭᠴᠡᠭᠡ ᠶᠢ ︽ᠵᠢᠷᠭᠤᠭ᠎ᠠ ᠶᠢ ᠲᠤᠰᠠᠯᠠᠬᠤ︾ ᠨᠠᠰᠤᠵᠢᠯ ᠤᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠳᠣᠷᠬᠠᠶ ᠬᠠᠭᠤᠳᠠᠰᠤ ᠶᠢ ᠪᠣᠶ ᠪᠣᠯᠭᠠᠵᠤ᠂ ᠲᠤᠬᠠᠶᠢᠯᠠᠪᠠᠯ ᠬᠤᠭᠤᠯᠠ ᠤᠮᠳᠠ ᠳᠤ ᠲᠤᠰᠠᠯᠠᠬᠤ᠂ ᠡᠮ ᠡᠮᠨᠡᠯᠭᠡ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ ᠬᠤᠳᠠᠯᠳᠤᠨ ᠠᠪᠬᠤ ᠳᠤ ᠲᠤᠰᠠᠯᠠᠬᠤ᠂ ᠵᠤᠭ᠎ᠠ ᠴᠡᠩᠭᠡᠯ ᠳᠤ ᠲᠤᠰᠠᠯᠠᠬᠤ ᠵᠡᠷᠭᠡ ᠪᠣᠯᠤᠨ᠎ᠠ᠂ ᠡᠯ᠎ᠡ ᠰᠢᠶᠠᠩ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠬᠡᠷᠡᠭᠵᠢᠭᠦᠯᠵᠦ᠂ 4 ᠨᠠᠰᠤᠲᠠᠶᠢᠴᠤᠳ ᠤᠨ ᠬᠤᠭᠤᠯᠠᠨ ᠬᠡᠷ ᠭᠠᠷᠭᠠᠬᠤ ᠶᠢᠨ ᠬᠠᠮᠲᠤ ᠠᠮᠢᠳᠤᠯᠢᠭ ᠪᠥᠭᠡᠳ ᠣᠯᠠᠨ ᠶᠠᠩᠵᠤ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ ᠵᠡᠷᠭᠡ ᠳᠤᠨᠢ ᠬᠠᠶᠢᠨ ᠰᠦᠪᠡᠭᠴᠢᠯᠡᠵᠦ᠂ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠳᠥᠭᠦᠮ ᠳᠥᠲᠡ᠂ ᠬᠢᠮᠳᠠ ᠪᠥᠭᠡᠳ ᠠᠰᠢᠭᠲᠠᠶ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ᠂ ᠦᠷᠭᠦᠯᠵᠢᠯᠡᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠪᠠ᠃ ᠡᠭᠦᠨ ᠤ ᠬᠠᠮᠲᠤ᠂ ᠨᠠᠰᠤᠲᠠᠶᠢᠴᠤᠳ ᠤᠨ ᠣᠶᠤᠨ ᠰᠠᠨᠠᠭᠠᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠣᠯᠠᠨ ᠰᠠᠯᠠᠭ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠪᠠᠶᠢᠭᠤᠯᠵᠤ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠭᠦᠨᠵᠡᠭᠡᠶᠢᠷᠡᠨ ᠣᠯᠠᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 30 ᠭᠠᠷᠤᠶ ᠤᠳᠠᠭ᠎ᠠ ᠥᠷᠨᠢᠭᠦᠯᠪᠡ᠃                                ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3