ᠮᠠᠨ ᠤ ᠰᠢᠶᠠᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠡᠷᠬᠢᠯᠡᠪᠡ
ᠨᠡᠶᠢᠲᠡᠯᠡᠭᠰᠡᠨ ᠴᠠᠭ᠄
2023/12/7
     12 ᠰᠠᠷ᠎ᠠ ᠶᠢᠨ 6᠎ ᠤ ᠡᠳᠦᠷ᠂ ᠮᠠᠨ ᠤ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠠᠷᠪᠢᠯᠠᠨ ᠭᠠᠮᠨᠠᠬᠤ ᠶᠢ ᠡᠷᠬᠢᠮᠯᠡᠨ ᠢᠲᠡᠭᠡᠯᠴᠡᠭᠡ ᠶᠢ ᠡᠷᠬᠢᠮᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠢᠳᠡᠭᠡᠨ ᠤ ᠠᠮᠤᠷ ᠲᠦᠪᠰᠢᠨ ᠢ ᠰᠡᠳᠬᠢᠯ ᠨᠢᠭᠡᠳᠦᠨ ᠬᠠᠮᠲᠤ ᠪᠠᠷ ᠬᠠᠮᠠᠭᠠᠯᠠᠶ᠎ᠠ︾ ᠭᠡᠬᠦ ᠭᠤᠤᠯ ᠰᠡᠳᠦᠪᠲᠦ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠢᠶᠠᠨ ᠤ ᠤᠳᠤᠷᠢᠳᠤᠯᠭ᠎ᠠ ᠵᠧᠦ ᠷᠦᠢ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠠᠵᠢᠯᠯᠠᠭ᠎ᠠ ᠳᠤ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠦᠪᠰᠢᠨ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠠᠵᠤ ᠦᠢᠯᠡᠰ ᠤᠨ ᠬᠡᠯᠬᠢᠶ᠎ᠡ ᠣᠷᠳᠣ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠬᠤᠯᠪᠣᠭᠳᠠᠬᠤ ᠨᠢ ᠣᠯᠠᠨ ᠪᠣᠯᠬᠤᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠤᠳᠠᠭᠠᠨ ᠤ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠬᠦᠴᠦᠨ ᠢᠶᠠᠨ ᠨᠢᠭᠲᠠᠷᠠᠭᠤᠯᠤᠨ᠂ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠨᠡᠶᠢᠲᠡ ᠳᠤ ᠢᠳᠡᠭᠡᠨ ᠤ ᠬᠡᠷᠡᠭᠯᠡᠭᠡᠨ ᠤ ᠠᠮᠤᠷ ᠲᠦᠪᠰᠢᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ᠃      ᠡᠬᠢᠯᠡᠯᠲᠡ ᠶᠢᠨ ᠶᠣᠰᠣᠯᠠᠯ ᠳᠡᠭᠡᠷ᠎ᠡ ︽ᠰᠢᠩ ᠡᡁᠧ ᠰᠢᠶᠠᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ 2023 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾᠎ ᠢ ᠤᠩᠰᠢᠨ ᠨᠡᠶᠢᠲᠡᠯᠡᠵᠦ᠂ ᠳᠠᠷᠠᠭ᠎ᠠ ᠨᠢ ᠬᠤᠷᠠᠯ ᠳᠤ ᠣᠷᠣᠯᠴᠠᠭᠰᠠᠳ ᠤᠯᠠᠨ ᠤᠯᠤᠰ ᠤᠨ ᠵᠣᠴᠢᠳ ᠤᠨ ᠪᠠᠭᠤᠳᠠᠯ ᠤᠨ ᠢᠳᠡᠭᠡᠨ ᠤᠮᠳᠠᠭᠠᠨ ᠤ ᠲᠣᠭᠤᠷᠢᠭ ᠲᠤ ᠬᠦᠷᠴᠦ ᠢᠳᠡᠭᠡᠨ ᠤᠮᠳᠠᠭᠠᠨ ᠤ ᠳᠦᠷᠢᠮᠵᠢᠯ ᠲᠠᠢ ᠠᠵᠢᠯᠯᠠᠭᠠᠨ ᠤ ᠬᠠᠮᠢᠶᠠᠷᠤᠯᠲᠠ ᠶᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃ ᠣᠯᠠᠨ ᠤᠯᠤᠰ ᠤᠨ ᠵᠣᠴᠢᠳ ᠤᠨ ᠪᠠᠭᠤᠳᠠᠯ ᠤᠨ ᠠᠵᠢᠯᠲᠠᠨ ᠤ ᠬᠠᠮᠢᠶᠠᠷᠤᠯᠲᠠ᠂ ᠤᠬᠢᠶᠠᠵᠤ ᠴᠡᠪᠡᠷᠯᠡᠬᠦ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠢ ᠲᠣᠭᠤᠷᠢᠨ ᠦᠵᠡᠭᠰᠡᠨ ᠪᠥᠭᠡᠳ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠳᠡᠭᠡᠨ ᠤᠮᠳᠠᠭᠠᠨ ᠤ ᠨᠢᠭᠡᠴᠡ ᠳᠠᠬᠢ  ᠦᠢᠯᠡᠴᠢᠯᠡᠭᠡᠨ ᠤ ᠬᠠᠮᠢᠶᠠᠷᠤᠯᠲᠠ᠂ ᠡᠳᠦᠷ ᠲᠤᠲᠤᠮ ᠤᠨ ᠪᠠᠶᠢᠴᠠᠭᠠᠯᠲᠠ ᠪᠠ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3