ᠶᠡᠭᠡ ᠬᠦᠷᠢᠶ᠎ᠡ ᠰᠢᠶᠠᠩ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠲᠣᠭᠤᠷᠢᠨ ᠦᠵᠡᠵᠦ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠬᠤ ᠬᠦᠳᠡᠯᠭᠡᠭᠡᠨ ᠥᠷᠨᠢᠭᠦᠯᠵᠡᠢ
ᠨᠡᠶᠢᠲᠡᠯᠡᠭᠰᠡᠨ ᠴᠠᠭ᠄
2023/12/7
     ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠤᠯᠠᠨ ᠲᠦᠮᠡᠨ ᠲᠠᠢ ᠬᠠᠷᠢᠯᠴᠠᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 12 ᠰᠠᠷ᠎ᠠ ᠶᠢᠨ 6᠎ ᠤ ᠡᠳᠦᠷ᠂ ᠶᠡᠭᠡ ᠬᠦᠷᠢᠶ᠎ᠡ ᠰᠢᠶᠠᠩ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠲᠣᠭᠤᠷᠢᠨ ᠦᠵᠡᠵᠦ ᠰᠣᠯᠢᠯᠴᠠᠬᠤ ᠬᠠᠷᠢᠯᠴᠠᠨ ᠲᠤᠯᠢᠳᠠᠬᠤ ᠠᠵᠢᠯᠯᠠᠭ᠎ᠠ ᠥᠷᠨᠢᠭᠦᠯᠵᠦ᠂ ᠬᠦᠳᠡᠯᠭᠡᠭᠡᠨ ᠨᠢ ᠭᠤᠣᠯᠳᠠᠭᠤ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠶᠠᠷᠢᠯᠴᠠᠬᠤ ᠬᠤᠷᠠᠯ ᠤᠨ ᠬᠡᠯᠪᠡᠷᠢ ᠪᠠᠷ ᠶᠠᠪᠤᠭᠳᠠᠵᠠᠢ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠢᠶᠠᠩ ᠤᠨ ᠬᠤᠯᠪᠣᠭ᠎ᠠ ᠠᠪᠬᠤ ᠲᠠᠰᠤᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠲᠣᠰᠬᠤᠨ ᠤ ᠬᠤᠯᠪᠣᠭ᠎ᠠ ᠠᠪᠬᠤ ᠥᠷᠲᠡᠭᠡᠨ ᠤ ᠳᠠᠷᠤᠭ᠎ᠠ ᠵᠢᠴᠢ ᠬᠡᠰᠡᠭ ᠲᠥᠯᠥᠭᠡᠯᠡᠭᠴᠢ ᠭᠡᠰᠢᠭᠦᠳ ᠬᠦᠳᠡᠯᠭᠡᠭᠡᠨ ᠳᠤ ᠣᠷᠣᠯᠴᠠᠪᠠ᠃       ᠬᠦᠳᠡᠯᠭᠡᠭᠡᠨ ᠨᠢ ᠡᠩ ᠲᠡᠷᠢᠭᠦᠨ ᠳᠤ ᠡᠯ᠎ᠡ ᠬᠠᠷᠢᠯᠴᠠᠬᠤ ᠦᠷᠳᠡᠭᠡ ᠳᠤ ᠬᠦᠷᠴᠦ ᠲᠥᠯᠥᠭᠡᠯᠡᠭᠴᠢ ᠭᠡᠰᠢᠭᠦᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠭᠡᠷ ᠤᠨ ᠬᠠᠷᠢᠯᠴᠠᠬᠤ ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠤᠢᠢᠯᠠᠭᠠᠭᠰᠠᠨ ᠪᠥᠭᠡᠳ ᠡᠯ᠎ᠡ ᠬᠠᠷᠢᠯᠴᠠᠬᠤ ᠦᠷᠳᠡᠭᠡ ᠶᠢᠨ ᠬᠠᠮᠢᠶ᠎ᠠ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠰᠢᠶᠠᠩ ᠤᠨ ᠬᠠᠷᠢᠯᠴᠠᠬᠤ ᠲᠠᠰᠤᠭ ᠤᠨ ᠬᠠᠷᠢᠭᠤᠴᠠᠯᠭᠠᠲᠠᠨ ᠠᠴᠠ ᠲᠠᠩᠰᠠ ᠡᠪᠬᠡᠮᠡᠯ ᠳᠤ ᠬᠠᠮᠢᠶ᠎ᠠ ᠪᠦᠬᠦᠢ ᠵᠢᠯᠤᠭᠤᠳᠤᠯᠭ᠎ᠠ ᠬᠢᠵᠡᠢ᠃ ᠡᠯ᠎ᠡ ᠬᠠᠷᠢᠯᠴᠠᠭᠠᠨ ᠤ ᠥᠷᠲᠡᠭᠡᠨ ᠤ ᠳᠠᠷᠤᠭ᠎ᠠ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ᠂ ᠰᠠᠨᠠᠯ ᠵᠥᠪᠯᠡᠯᠭᠡ ᠳᠤᠷᠠᠳᠴᠤ ᠠᠷᠭ᠎ᠠ ᠤᠬᠠᠭᠠᠨ ᠭᠠᠷᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠲᠠᠶᠢᠯᠤᠮᠵᠢ ᠬᠢᠵᠦ᠂ ᠲᠥᠯᠥᠭᠡᠯᠡᠭᠴᠢᠳ ᠭᠡᠰᠢᠭᠦᠳ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠳᠠᠬᠢ ᠬᠢᠳᠡᠯ᠂ ᠬᠢᠯᠠᠰ ᠴᠡᠭ ᠪᠣᠯᠤᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠪᠡ᠃      ᠠᠵᠢᠯᠯᠠᠭ᠎ᠠ ᠶᠢᠨ ᠲᠠᠷᠠᠭ᠎ᠠ᠂ ᠶᠡᠭᠡ ᠬᠦᠷᠢᠶ᠎ᠡ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠲᠣᠭᠤᠷᠢᠨ ᠦᠵᠡᠵᠦ ᠰᠣᠯᠢᠯᠴᠠᠬᠤ ᠬᠠᠷᠢᠯᠴᠠᠨ ᠲᠤᠯᠢᠳᠠᠬᠤ ᠬᠤᠷᠠᠯ ᠬᠢᠵᠦ᠂ ᠬᠤᠷᠠᠯ ᠳᠡᠭᠡᠷ᠎ᠡ ︽ᠭᠤᠣᠯ ᠰᠡᠳᠦᠪᠲᠦ ᠶᠠᠷᠢᠶ᠎ᠠ + ᠰᠣᠯᠢᠯᠴᠠᠨ ᠰᠣᠯᠢᠯᠴᠠᠬᠤ︾ ᠬᠡᠯᠪᠡᠷᠢ ᠪᠠᠷ ᠳᠠᠮᠵᠢᠭᠤᠯᠵᠤ᠂ ᠤᠯᠠᠨ ᠢᠶᠠᠷ ᠢᠶᠠᠨ ᠤᠢᠢᠷ᠎ᠠ ᠶᠢᠨ ᠬᠤᠭᠤᠴᠠᠭᠠᠨ ᠳᠤ ᠴᠤᠭᠯᠠᠭᠤᠯᠤᠭᠰᠠᠨ ᠰᠠᠨᠠᠯ ᠰᠠᠨᠠᠭᠤᠯᠭ᠎ᠠ᠂ ᠰᠢᠢᠳᠪᠦᠷᠢᠯᠡᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠲᠤᠷᠰᠢᠯᠭ᠎ᠠ ᠪᠠᠨ ᠬᠤᠪᠢᠶᠠᠯᠴᠠᠵᠤ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠵᠡᠢ᠃ ᠡᠭᠦᠨ ᠤ ᠬᠠᠮᠲᠤ᠂ ᠰᠢᠶᠠᠩ ᠤᠨ ᠬᠤᠯᠪᠣᠭ᠎ᠠ ᠠᠪᠬᠤ ᠲᠠᠰᠤᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠮᠠᠨ ᠤ ᠰᠢᠶᠠᠩ ᠤᠨ ᠬᠤᠯᠪᠣᠭ᠎ᠠ ᠠᠪᠬᠤ ᠲᠠᠰᠤᠭ ᠤᠨ ᠪᠥᠲᠥᠭᠡᠨ ᠪᠠᠶᠢᠭᠤᠯᠤᠯᠲᠠ ᠵᠢᠴᠢ ᠠᠵᠢᠯᠯᠠᠭᠠᠨ ᠤ ᠪᠠᠶᠢᠳᠠᠯ ᠢ ᠨᠠᠷᠢᠨ ᠲᠠᠨᠢᠯᠴᠠᠭᠤᠯᠪᠠ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠤᠴᠢᠷ ᠶᠠᠪᠤᠳᠠᠯ ᠠᠷᠠᠳ ᠤᠨ ᠰᠡᠳᠬᠢᠯ ᠳᠤ ᠬᠤᠯᠪᠣᠭᠳᠠᠨ᠎ᠠ᠃ ᠳᠠᠷᠠᠭᠠᠴᠢ ᠶᠢᠨ ᠠᠯᠬᠤᠮ ᠳᠤ᠂ ᠪᠦᠬᠦ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠦᠷᠭᠦᠯᠵᠢᠯᠡᠨ ᠤᠯᠠᠨ ᠲᠦᠮᠡᠨᠴᠢ ᠱᠤᠭᠤᠮ ᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ ᠶᠠᠪᠤᠳᠠᠯ ᠢ ᠰᠠᠶᠢᠲᠤᠷ ᠬᠢᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠠᠭᠠᠭ ᠬᠢᠵᠠᠭᠠᠷ ᠢ ᠴᠢᠨᠠᠭᠰᠢᠳᠠ ᠥᠷᠭᠡᠳᠬᠡᠵᠦ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠮᠵᠢ ᠶᠢ ᠣᠯᠭᠤᠵᠤ᠂ ᠦᠵᠡᠭᠦᠯᠦᠯᠭᠡ ᠶᠢᠨ ᠦᠷ᠎ᠡ ᠪᠦᠲᠦᠭᠡᠯ ᠢ ᠦᠨᠡᠨᠬᠦ ᠠᠵᠢᠯ ᠤᠨ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3