︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠤᠯᠠᠨ | ᠲᠦᠮᠡᠨ ᠲᠠᠢ ᠬᠠᠷᠢᠯᠴᠠᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ 12 ᠰᠠᠷ᠎ᠠ ᠶᠢᠨ 6 ᠤ ᠡᠳᠦᠷ᠂ ᠶᠡᠭᠡ ᠬᠦᠷᠢᠶ᠎ᠡ ᠰᠢᠶᠠᠩ ᠳᠤ ︽ᠬᠤᠶᠠᠷ ᠲᠥᠯᠥᠭᠡᠯᠡᠭᠴᠢ | ᠨᠢᠭᠡ ᠭᠡᠰᠢᠭᠦᠨ︾ ᠤ ᠲᠣᠭᠤᠷᠢᠨ ᠦᠵᠡᠵᠦ ᠰᠣᠯᠢᠯᠴᠠᠬᠤ ᠬᠠᠷᠢᠯᠴᠠᠨ ᠲᠤᠯᠢᠳᠠᠬᠤ ᠠᠵᠢᠯᠯᠠᠭ᠎ᠠ ᠥᠷᠨᠢᠭᠦᠯᠵᠦ᠂ | ᠬᠦᠳᠡᠯᠭᠡᠭᠡᠨ ᠨᠢ ᠭᠤᠣᠯᠳᠠᠭᠤ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠶᠠᠷᠢᠯᠴᠠᠬᠤ ᠬᠤᠷᠠᠯ ᠤᠨ ᠬᠡᠯᠪᠡᠷᠢ ᠪᠠᠷ | ᠶᠠᠪᠤᠭᠳᠠᠵᠠᠢ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠢᠶᠠᠩ ᠤᠨ ᠬᠤᠯᠪᠣᠭ᠎ᠠ ᠠᠪᠬᠤ | ᠲᠠᠰᠤᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠲᠣᠰᠬᠤᠨ ᠤ ᠬᠤᠯᠪᠣᠭ᠎ᠠ ᠠᠪᠬᠤ ᠥᠷᠲᠡᠭᠡᠨ ᠤ ᠳᠠᠷᠤᠭ᠎ᠠ ᠵᠢᠴᠢ | ᠬᠡᠰᠡᠭ ᠲᠥᠯᠥᠭᠡᠯᠡᠭᠴᠢ ᠭᠡᠰᠢᠭᠦᠳ ᠬᠦᠳᠡᠯᠭᠡᠭᠡᠨ ᠳᠤ ᠣᠷᠣᠯᠴᠠᠪᠠ᠃ | ᠬᠦᠳᠡᠯᠭᠡᠭᠡᠨ ᠨᠢ ᠡᠩ ᠲᠡᠷᠢᠭᠦᠨ ᠳᠤ ᠡᠯ᠎ᠡ ᠬᠠᠷᠢᠯᠴᠠᠬᠤ ᠦᠷᠳᠡᠭᠡ ᠳᠤ ᠬᠦᠷᠴᠦ ᠲᠥᠯᠥᠭᠡᠯᠡᠭᠴᠢ ᠭᠡᠰᠢᠭᠦᠨ ᠤ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠭᠡᠷ ᠤᠨ ᠬᠠᠷᠢᠯᠴᠠᠬᠤ | ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠤᠢᠢᠯᠠᠭᠠᠭᠰᠠᠨ | ᠪᠥᠭᠡᠳ ᠡᠯ᠎ᠡ ᠬᠠᠷᠢᠯᠴᠠᠬᠤ ᠦᠷᠳᠡᠭᠡ ᠶᠢᠨ ᠬᠠᠮᠢᠶ᠎ᠠ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ | ᠰᠢᠶᠠᠩ ᠤᠨ ᠬᠠᠷᠢᠯᠴᠠᠬᠤ ᠲᠠᠰᠤᠭ ᠤᠨ ᠬᠠᠷᠢᠭᠤᠴᠠᠯᠭᠠᠲᠠᠨ ᠠᠴᠠ ᠲᠠᠩᠰᠠ ᠡᠪᠬᠡᠮᠡᠯ ᠳᠤ ᠬᠠᠮᠢᠶ᠎ᠠ ᠪᠦᠬᠦᠢ ᠵᠢᠯᠤᠭᠤᠳᠤᠯᠭ᠎ᠠ | ᠬᠢᠵᠡᠢ᠃ ᠡᠯ᠎ᠡ ᠬᠠᠷᠢᠯᠴᠠᠭᠠᠨ ᠤ ᠥᠷᠲᠡᠭᠡᠨ ᠤ ᠳᠠᠷᠤᠭ᠎ᠠ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ᠂ ᠰᠠᠨᠠᠯ ᠵᠥᠪᠯᠡᠯᠭᠡ ᠳᠤᠷᠠᠳᠴᠤ | ᠠᠷᠭ᠎ᠠ ᠤᠬᠠᠭᠠᠨ ᠭᠠᠷᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠲᠠᠶᠢᠯᠤᠮᠵᠢ ᠬᠢᠵᠦ᠂ | ᠲᠥᠯᠥᠭᠡᠯᠡᠭᠴᠢᠳ ᠭᠡᠰᠢᠭᠦᠳ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠳᠠᠬᠢ ᠬᠢᠳᠡᠯ᠂ ᠬᠢᠯᠠᠰ ᠴᠡᠭ | ᠪᠣᠯᠤᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠪᠡ᠃ | ᠠᠵᠢᠯᠯᠠᠭ᠎ᠠ ᠶᠢᠨ ᠲᠠᠷᠠᠭ᠎ᠠ᠂ ᠶᠡᠭᠡ ᠬᠦᠷᠢᠶ᠎ᠡ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ | ᠲᠣᠭᠤᠷᠢᠨ ᠦᠵᠡᠵᠦ ᠰᠣᠯᠢᠯᠴᠠᠬᠤ ᠬᠠᠷᠢᠯᠴᠠᠨ ᠲᠤᠯᠢᠳᠠᠬᠤ ᠬᠤᠷᠠᠯ ᠬᠢᠵᠦ᠂ ᠬᠤᠷᠠᠯ ᠳᠡᠭᠡᠷ᠎ᠡ ︽ᠭᠤᠣᠯ ᠰᠡᠳᠦᠪᠲᠦ ᠶᠠᠷᠢᠶ᠎ᠠ | + ᠰᠣᠯᠢᠯᠴᠠᠨ ᠰᠣᠯᠢᠯᠴᠠᠬᠤ︾ ᠬᠡᠯᠪᠡᠷᠢ ᠪᠠᠷ ᠳᠠᠮᠵᠢᠭᠤᠯᠵᠤ᠂ ᠤᠯᠠᠨ ᠢᠶᠠᠷ ᠢᠶᠠᠨ ᠤᠢᠢᠷ᠎ᠠ ᠶᠢᠨ ᠬᠤᠭᠤᠴᠠᠭᠠᠨ ᠳᠤ | ᠴᠤᠭᠯᠠᠭᠤᠯᠤᠭᠰᠠᠨ ᠰᠠᠨᠠᠯ ᠰᠠᠨᠠᠭᠤᠯᠭ᠎ᠠ᠂ ᠰᠢᠢᠳᠪᠦᠷᠢᠯᠡᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ | ᠲᠤᠬᠠᠢ ᠰᠠᠨᠠᠯ ᠢᠶᠠᠨ ᠰᠣᠯᠢᠯᠴᠠᠵᠤ᠂ ᠲᠤᠷᠰᠢᠯᠭ᠎ᠠ ᠪᠠᠨ ᠬᠤᠪᠢᠶᠠᠯᠴᠠᠵᠤ᠂ ᠰᠠᠶᠢᠨ ᠲᠠᠯ᠎ᠠ ᠶᠢ ᠨᠢ ᠠᠪᠴᠤ ᠰᠠᠭᠠᠷᠠᠤ | ᠲᠠᠯ᠎ᠠ ᠪᠠᠨ ᠨᠥᠬᠦᠪᠥᠷᠢᠯᠡᠵᠡᠢ᠃ ᠡᠭᠦᠨ ᠤ ᠬᠠᠮᠲᠤ᠂ ᠰᠢᠶᠠᠩ ᠤᠨ ᠬᠤᠯᠪᠣᠭ᠎ᠠ ᠠᠪᠬᠤ ᠲᠠᠰᠤᠭ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠠᠴᠠ ᠮᠠᠨ ᠤ ᠰᠢᠶᠠᠩ ᠤᠨ ᠬᠤᠯᠪᠣᠭ᠎ᠠ ᠠᠪᠬᠤ ᠲᠠᠰᠤᠭ ᠤᠨ ᠪᠥᠲᠥᠭᠡᠨ ᠪᠠᠶᠢᠭᠤᠯᠤᠯᠲᠠ ᠵᠢᠴᠢ | ᠠᠵᠢᠯᠯᠠᠭᠠᠨ ᠤ ᠪᠠᠶᠢᠳᠠᠯ ᠢ ᠨᠠᠷᠢᠨ ᠲᠠᠨᠢᠯᠴᠠᠭᠤᠯᠪᠠ᠃ | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠤᠴᠢᠷ ᠶᠠᠪᠤᠳᠠᠯ ᠠᠷᠠᠳ ᠤᠨ ᠰᠡᠳᠬᠢᠯ ᠳᠤ | ᠬᠤᠯᠪᠣᠭᠳᠠᠨ᠎ᠠ᠃ ᠳᠠᠷᠠᠭᠠᠴᠢ ᠶᠢᠨ ᠠᠯᠬᠤᠮ ᠳᠤ᠂ ᠪᠦᠬᠦ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ | ᠦᠷᠭᠦᠯᠵᠢᠯᠡᠨ ᠤᠯᠠᠨ ᠲᠦᠮᠡᠨᠴᠢ ᠱᠤᠭᠤᠮ ᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ | ᠪᠣᠯᠭᠠᠵᠤ᠂ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ ᠶᠠᠪᠤᠳᠠᠯ ᠢ ᠰᠠᠶᠢᠲᠤᠷ ᠬᠢᠵᠦ᠂ ᠡᠭᠦᠷᠭᠡ ᠲᠤᠰᠢᠶᠠᠯ ᠢᠶᠠᠨ | ᠭᠦᠢᠴᠡᠳᠬᠡᠬᠦ ᠵᠠᠭᠠᠭ ᠬᠢᠵᠠᠭᠠᠷ ᠢ ᠴᠢᠨᠠᠭᠰᠢᠳᠠ ᠥᠷᠭᠡᠳᠬᠡᠵᠦ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ | ᠪᠦᠲᠦᠮᠵᠢ ᠶᠢ ᠣᠯᠭᠤᠵᠤ᠂ ᠦᠵᠡᠭᠦᠯᠦᠯᠭᠡ ᠶᠢᠨ ᠦᠷ᠎ᠡ ᠪᠦᠲᠦᠭᠡᠯ ᠢ ᠦᠨᠡᠨᠬᠦ ᠠᠵᠢᠯ ᠤᠨ ᠦᠢᠯᠡᠳᠦᠯᠭᠡ ᠪᠣᠯᠭᠠᠨ | ᠬᠤᠪᠢᠷᠠᠭᠤᠯᠤᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |