12 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ︽ | ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠭᠤᠣᠯ ᠰᠡᠳᠦᠪᠲᠦ | ᠬᠥᠮᠦᠵᠢᠯ ᠤᠨ ᠬᠠᠷᠢᠯᠴᠠᠬᠤ ᠴᠡᠭ ᠲᠤ ᠭᠦᠨᠵᠡᠭᠡᠶᠢᠷᠡᠵᠦ᠂ ᠡᠷᠳᠡᠨᠢ ᠪᠠᠯᠭᠠᠰᠤ ᠶᠢᠨ ᠽᠤᠤ ᠾᠦᠸᠧ ᠺᠸᠤ ᠲᠣᠰᠬᠤᠨ ᠤ | ᠠᠷᠠᠳ ᠤᠨ ᠵᠥᠪᠯᠡᠯ ᠢᠶᠠᠷ ᠲᠣᠭᠤᠷᠢᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠤᠨ ᠦᠭᠡ ᠶᠢ ᠲᠠᠭᠠᠬᠤ︾ ᠭᠤᠣᠯ ᠰᠡᠳᠦᠪᠲᠦ ᠤᠬᠠᠭᠤᠯᠤᠨ | ᠲᠠᠶᠢᠯᠪᠤᠷᠢᠯᠠᠯᠲᠠ ᠶᠢ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ | ᠤᠭ ᠰᠠᠨᠠᠭ᠎ᠠ ᠪᠠᠨ ᠦᠯᠦ ᠮᠠᠷᠲᠠᠨ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠭᠤᠶᠢᠪᠢᠰᠢ ᠦᠭᠡᠢ | ᠰᠣᠨᠣᠰᠴᠤ᠂ ᠡᠷᠡᠰ ᠭᠤᠶᠢᠪᠢᠰᠢ ᠦᠭᠡᠢ ᠨᠠᠮ ᠢᠶᠠᠨ ᠳᠠᠭᠠᠵᠠᠢ᠃ | ᠰᠤᠷᠪᠤᠯᠵᠢᠯᠠᠬᠤ ᠶᠠᠪᠤᠴᠠ ᠳᠤ᠂ ᠸᠠᠩ ᠬᠤᠢ ᠢᠦᠢ ᠤᠷᠢᠳ ᠬᠤᠵᠢᠳ ᠲᠠᠪᠤᠨ ᠪᠠᠲᠤᠯᠠᠭᠠᠲᠤ ᠡᠷᠦᠭᠡ ᠪᠣᠯᠤᠨ | ᠥᠨᠳᠥᠷ ᠨᠠᠰᠤᠲᠠᠢ ᠨᠠᠰᠤᠲᠠᠨ ᠤ ᠳᠤᠮᠳᠠ ᠬᠦᠷᠴᠦ᠂ ᠲᠡᠳᠡᠨ ᠤ ᠠᠮᠢᠳᠤᠷᠠᠯ ᠠᠮᠢᠳᠤᠷᠠᠯ᠂ ᠭᠡᠷ ᠪᠦᠯᠢ ᠶᠢᠨ ᠣᠷᠣᠯᠭ᠎ᠠ | ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠭᠰᠡᠨ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠢ ᠨᠠᠮ ᠪᠣᠯᠤᠨ | ᠵᠠᠰᠠᠭ ᠤᠨ ᠣᠷᠳᠣᠨ ᠤ ᠬᠠᠯᠠᠮᠵᠢᠯᠠᠯ ᠬᠠᠪᠰᠤᠷᠤᠯᠭ᠎ᠠ ᠪᠠᠷ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ | ᠪᠠᠶᠠᠰᠤᠩᠭᠤᠢ ᠠᠮᠢᠳᠤᠷᠠᠯ ᠤᠨ ᠣᠪᠣᠷ ᠲᠠᠢ ᠪᠠᠶᠢᠵᠤ᠂ ᠪᠡᠶ᠎ᠡ ᠪᠠᠨ ᠬᠢᠴᠢᠶᠡᠵᠦ᠂ ᠰᠠᠶᠢᠨ ᠰᠠᠶᠢᠬᠠᠨ ᠠᠮᠢᠳᠤᠷᠠᠬᠤ ᠶᠢ | ᠵᠣᠷᠢᠭᠵᠢᠭᠤᠯᠪᠠ᠃ ᠸᠠᠩ ᠬᠤᠢ ᠢᠦᠢ᠂ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠪᠠᠶᠢᠳᠠᠯ ᠢ ᠴᠠᠭ ᠢᠮᠠᠭᠲᠠ ᠬᠠᠯᠠᠮᠵᠢᠯᠠᠵᠤ᠂ ᠡᠯ᠎ᠡ ᠵᠦᠢᠯ ᠤᠨ ᠪᠠᠲᠤᠯᠠᠪᠤᠷᠢ ᠶᠢᠨ ᠲᠦᠷᠦ ᠶᠢᠨ ᠪᠤᠳᠤᠯᠭ᠎ᠠ ᠶᠢ ᠦᠨᠡᠨᠬᠦ | ᠪᠣᠳᠠᠲᠠᠢ ᠳᠤ ᠨᠠᠶᠢᠳᠠᠪᠤᠷᠢᠵᠢᠭᠤᠯᠵᠤ᠂ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠴᠠᠭ ᠲᠤᠬᠠᠢ ᠳᠤᠨᠢ | ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃ | ᠳᠠᠷᠠᠭ᠎ᠠ ᠨᠢ᠂ ᠸᠠᠩ ᠬᠤᠢ ᠢᠦᠢ ᠽᠤᠤ ᠾᠦᠸᠧ ᠺᠸᠤ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ | ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠬᠡᠰᠡᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ | ᠪᠣᠯᠤᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠬᠤ ᠶᠢᠨ ᠬᠠᠮᠲᠤ ︽ | ᠲᠠᠪᠤᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠤᠢᠢᠯᠠᠭᠠᠨ ᠡᠵᠡᠮᠰᠢᠬᠦ᠂ ︽ᠨᠠᠮ ᠤᠨ | ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠱᠤᠭᠤᠮ ᠤᠨ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ | ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃ | ᠸᠠᠩ ᠬᠤᠢ ᠢᠦᠢ ᠵᠢᠭᠠᠵᠤ ᠭᠠᠷᠭᠠᠭᠰᠠᠨ᠂ ᠥᠷᠭᠡᠨ ᠤᠯᠠᠨ ᠺᠠᠳ᠋ᠷ ᠤᠯᠠᠨ ᠲᠦᠮᠡᠨ ︽ᠲᠠᠪᠤᠨ ᠦᠭᠡ︾ | ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ᠨᠠᠮ ᠤᠨ ᠠᠴᠢ ᠶᠢ ᠰᠡᠳᠬᠢᠯ ᠤᠨ | ᠤᠭ ᠠᠴᠠ ᠪᠠᠨ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠪᠡᠶᠡᠯᠡᠭᠦᠯᠬᠦ ᠬᠡᠷᠡᠭᠲᠡᠢ᠃ | ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ︽ᠲᠦᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠠᠵᠢᠯ ᠤᠨ ᠲᠦᠷᠢᠮ ᠪᠠ ︽ᠲᠦᠷᠪᠡ ᠶᠢ ᠨᠢᠭᠡ︾ ᠶᠢᠨ ᠠᠵᠢᠯ ᠤᠨ ᠠᠷᠭ᠎ᠠ ᠶᠢ ᠰᠠᠶᠢᠲᠤᠷ | ᠪᠠᠷᠢᠮᠲᠠᠯᠠᠨ ᠰᠠᠶᠢᠲᠤᠷ ᠬᠡᠷᠡᠭᠯᠡᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠲᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ | ᠪᠠᠶᠢᠭᠤᠯᠤᠨ ᠰᠠᠶᠢᠲᠤᠷ ᠥᠷᠨᠢᠭᠦᠯᠬᠦ ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ | ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠣᠨᠣᠪᠴᠢᠲᠠᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤ | ᠬᠦᠰᠡᠯ ᠨᠠᠶᠢᠳᠠᠯᠭ᠎ᠠ ᠶᠢ ᠦᠨᠡᠨᠬᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ᠂ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠪᠣᠳᠠᠲᠠᠢ ᠠᠵᠢᠯᠯᠠᠵᠤ | ᠪᠣᠳᠠᠲᠠᠢ ᠠᠮᠵᠢᠯᠲᠠ ᠪᠦᠲᠦᠮᠵᠢ ᠪᠣᠳᠠᠲᠠᠢ ᠦᠷ᠎ᠡ ᠪᠦᠲᠦᠮᠵᠢ ᠪᠠᠷ ᠰᠢᠩ ᠡᡁᠧ ᠰᠢᠶᠠᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ | ᠬᠡᠷ ᠤᠨ ᠡᠷᠬᠢᠯᠡᠭᠴᠢ ᠵᠧᠤ ᠷᠦᠢ ᠵᠢᠶᠦ᠋ᠨ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |