ᠸᠠᠩ ᠬᠤᠢ ᠢᠦᠶ ᠭᠤᠤᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/12/8
     12 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠲᠤ ᠭᠦᠨᠵᠡᠭᠡᠶᠢᠷᠡᠵᠦ᠂ ᠡᠷᠳᠡᠨᠢ ᠪᠠᠯᠭᠠᠰᠤ ᠶᠢᠨ ᠽᠤᠤ ᠾᠦᠸᠧ ᠺᠸᠤ ᠲᠣᠰᠬᠤᠨ ᠤ ᠠᠷᠠᠳ ᠤᠨ ᠵᠥᠪᠯᠡᠯ ᠢᠶᠠᠷ ᠲᠣᠭᠤᠷᠢᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠤᠨ ᠦᠭᠡ ᠶᠢ ᠲᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠤᠭ ᠰᠠᠨᠠᠭ᠎ᠠ ᠪᠠᠨ ᠦᠯᠦ ᠮᠠᠷᠲᠠᠨ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠭᠤᠶᠢᠪᠢᠰᠢ ᠦᠭᠡᠢ ᠰᠣᠨᠣᠰᠴᠤ᠂ ᠡᠷᠡᠰ ᠭᠤᠶᠢᠪᠢᠰᠢ ᠦᠭᠡᠢ ᠨᠠᠮ ᠢᠶᠠᠨ ᠳᠠᠭᠠᠵᠠᠢ᠃      ᠰᠤᠷᠪᠤᠯᠵᠢᠯᠠᠬᠤ ᠶᠠᠪᠤᠴᠠ ᠳᠤ᠂ ᠸᠠᠩ ᠬᠤᠢ ᠢᠦᠢ ᠤᠷᠢᠳ ᠬᠤᠵᠢᠳ ᠲᠠᠪᠤᠨ ᠪᠠᠲᠤᠯᠠᠭᠠᠲᠤ ᠡᠷᠦᠭᠡ ᠪᠣᠯᠤᠨ ᠥᠨᠳᠥᠷ ᠨᠠᠰᠤᠲᠠᠢ ᠨᠠᠰᠤᠲᠠᠨ ᠤ ᠳᠤᠮᠳᠠ ᠬᠦᠷᠴᠦ᠂ ᠲᠡᠳᠡᠨ ᠤ ᠠᠮᠢᠳᠤᠷᠠᠯ ᠠᠮᠢᠳᠤᠷᠠᠯ᠂ ᠭᠡᠷ ᠪᠦᠯᠢ ᠶᠢᠨ ᠣᠷᠣᠯᠭ᠎ᠠ ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠢ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠬᠠᠪᠰᠤᠷᠤᠯᠭ᠎ᠠ ᠪᠠᠷ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠪᠠᠶᠠᠰᠤᠩᠭᠤᠢ ᠠᠮᠢᠳᠤᠷᠠᠯ ᠤᠨ ᠣᠪᠣᠷ ᠲᠠᠢ ᠪᠠᠶᠢᠵᠤ᠂ ᠪᠡᠶ᠎ᠡ ᠪᠠᠨ ᠬᠢᠴᠢᠶᠡᠵᠦ᠂ ᠰᠠᠶᠢᠨ ᠰᠠᠶᠢᠬᠠᠨ ᠠᠮᠢᠳᠤᠷᠠᠬᠤ ᠶᠢ ᠵᠣᠷᠢᠭᠵᠢᠭᠤᠯᠪᠠ᠃ ᠸᠠᠩ ᠬᠤᠢ ᠢᠦᠢ᠂ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠬᠠᠯᠠᠮᠵᠢᠯᠠᠵᠤ᠂ ᠡᠯ᠎ᠡ ᠵᠦᠢᠯ ᠤᠨ ᠪᠠᠲᠤᠯᠠᠪᠤᠷᠢ ᠶᠢᠨ ᠲᠦᠷᠦ ᠶᠢᠨ ᠪᠤᠳᠤᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃      ᠳᠠᠷᠠᠭ᠎ᠠ ᠨᠢ᠂ ᠸᠠᠩ ᠬᠤᠢ ᠢᠦᠢ ᠽᠤᠤ ᠾᠦᠸᠧ ᠺᠸᠤ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠬᠡᠰᠡᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠤᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠬᠤ ᠶᠢᠨ ᠬᠠᠮᠲᠤ ︽ᠲᠠᠪᠤᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠤᠢᠢᠯᠠᠭᠠᠨ ᠡᠵᠡᠮᠰᠢᠬᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃      ᠸᠠᠩ ᠬᠤᠢ ᠢᠦᠢ  ᠵᠢᠭᠠᠵᠤ ᠭᠠᠷᠭᠠᠭᠰᠠᠨ᠂ ᠥᠷᠭᠡᠨ ᠤᠯᠠᠨ ᠺᠠᠳ᠋ᠷ ᠤᠯᠠᠨ ᠲᠦᠮᠡᠨ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ᠨᠠᠮ ᠤᠨ ᠠᠴᠢ ᠶᠢ ᠰᠡᠳᠬᠢᠯ ᠤᠨ ᠤᠭ ᠠᠴᠠ ᠪᠠᠨ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠪᠡᠶᠡᠯᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠲᠦᠷᠢᠮ ᠪᠠ ︽ᠲᠦᠷᠪᠡ ᠶᠢ ᠨᠢᠭᠡ︾ ᠶᠢᠨ ᠠᠵᠢᠯ ᠤᠨ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠬᠦ ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠣᠨᠣᠪᠴᠢᠲᠠᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤ ᠬᠦᠰᠡᠯ ᠨᠠᠶᠢᠳᠠᠯᠭ᠎ᠠ ᠶᠢ ᠦᠨᠡᠨᠬᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠣᠳᠠᠲᠠᠢ ᠦᠷ᠎ᠡ ᠪᠦᠲᠦᠮᠵᠢ ᠪᠠᠷ ᠰᠢᠩ ᠡᡁᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠧᠤ ᠷᠦᠢ ᠵᠢᠶᠦ᠋ᠨ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃                                                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3