ᠰᠢᠶᠠᠨ ᠤ ᠤᠳᠤᠷᠢᠳᠤᠯᠭ᠎ᠠ ᠳᠤᠭᠤᠶᠢᠯᠠᠩ ᠬᠤᠪᠢᠶᠠᠨ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/10
     2 ᠰᠠᠷ᠎ᠠ ᠶᠢᠨ 8᠎ ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠤᠸᠠᠢ ᠯᠢᠶᠠᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠵᠢᠶᠦ᠋ᠨ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᡁᠢ ᠮᠢᠨ ᠨᠡᠷ ᠮᠠᠨ ᠤ ᠰᠢᠶᠠᠨ ᠤ ᠠᠵᠤ ᠠᠬᠤᠶᠢᠯᠠᠯ ᠳᠤ ᠭᠦᠨᠵᠡᠭᠡᠶᠢᠷᠡᠨ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ︾ ᠠᠵᠢᠯᠯᠠᠭ᠎ᠠ ᠥᠷᠨᠢᠭᠦᠯᠪᠡ᠃
     ᠾᠧ ᠶᠢᠩ ᠽᠢ ᠵᠡᠷᠭᠡ ᠤᠳᠤᠷᠢᠳᠤᠯᠭ᠎ᠠ ᠨᠠᠷ ᠤᠷᠢᠳ ᠬᠤᠵᠢᠳ ᠮᠠᠨ ᠤ ᠰᠢᠶᠠᠨ ᠤ ᠥᠪᠥᠷ ᠮᠣᠩᠭᠤᠯ ᠤᠨ ᠪᠠᠩᠬᠢ ᠶᠢᠨ ᠰᠢᠩ ᠡᡁᠧ ᠰᠢᠶᠠᠨ ᠤ ᠰᠠᠯᠪᠤᠷᠢ ᠪᠠᠩᠬᠢ᠂ ᠬᠤᠩ ᠳ᠋ᠠ ᠢᠯᠴᠢ ᠶᠢᠨ ᠴᠠᠬᠢᠯᠭᠠᠨ ᠤ ᠦᠢᠯᠡᠳᠪᠦᠷᠢ ᠳᠤ ᠬᠦᠷᠴᠦ᠂ ᠲᠣᠣᠷ ᠴᠡᠭ ᠤᠨ ᠦᠢᠯᠡᠴᠢᠯᠡᠭᠡ᠂ ᠲᠤᠬᠠᠶᠢᠯᠠᠭᠰᠠᠨ ᠠᠵᠢᠯ ᠤᠨ ᠡᠵᠡᠩᠨᠡᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ᠂ ᠪᠠᠶᠢᠭᠤᠯᠵᠤ ᠪᠠᠶᠢᠭ᠎ᠠ ᠲᠦᠷᠦᠯ ᠵᠦᠢᠯ ᠵᠡᠷᠭᠡ ᠶᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃
     ᠥᠪᠥᠷ ᠮᠣᠩᠭᠤᠯ ᠤᠨ ᠪᠠᠩᠬᠢ ᠶᠢᠨ ᠰᠢᠩ ᠡᡁᠧ ᠰᠢᠶᠠᠨ ᠤ ᠰᠠᠯᠪᠤᠷᠢ ᠪᠠᠩᠬᠢ ᠳᠤ᠂ ᠡᡁᠧ ᠶᠢᠩ ᠽᠢ ᠵᠢᠭᠠᠵᠤ ᠭᠠᠷᠭᠠᠭᠰᠠᠨ ᠨᠢ᠂ ᠲᠤᠰ ᠪᠠᠩᠬᠢ ᠪᠣᠯ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ᠎ᠠ᠂ ᠤᠢᠢᠷ᠎ᠠ ᠶᠢᠨ ᠵᠢᠯ ᠤᠨ ᠲᠤᠷᠰᠢ ᠯᠠᠪᠳᠠᠭᠤᠨ ᠲᠣᠭᠲᠠᠭᠤᠨ ᠢᠶᠠᠷ ᠡᠵᠡᠩᠨᠡᠵᠦ᠂ ᠲᠦᠷᠭᠡᠨ ᠬᠥᠭᠵᠢᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠲᠤᠰ ᠭᠠᠵᠠᠷ ᠣᠷᠣᠨ ᠤ ᠪᠠᠩᠬᠢ ᠶᠢᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃ ᠬᠤᠶᠢᠰᠢᠳᠠ ᠲᠤᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠵᠣᠴᠢᠨ ᠡᠷᠦᠬᠡ ᠶᠢᠨ ᠮᠥᠩᠭᠦᠨ ᠭᠦᠢᠯᠭᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠬᠦᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠲᠦᠷᠭᠡᠳᠬᠡᠵᠦ᠂ ᠰᠢᠶᠠᠨ ᠤ ᠬᠡᠪᠴᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠦᠴᠦᠨ ᠴᠢᠳᠠᠯ ᠢᠶᠠᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠩ ᠳ᠋ᠠ ᠢᠯᠴᠢ ᠶᠢᠨ ᠴᠠᠬᠢᠯᠭᠠᠨ ᠤ ᠦᠢᠯᠡᠳᠪᠦᠷᠢ ᠳᠤ᠂ ᠾᠧ ᠶᠢᠩ ᠽᠢ ᠠᠵᠤ ᠠᠬᠤᠶᠢᠯᠠᠯ ᠤᠨ ᠬᠢᠨ ᠳᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠪᠠᠨ ᠳᠠᠰᠤᠷᠠᠯᠳᠠ ᠦᠬᠡᠢ ᠴᠢᠩᠭᠠᠳᠬᠠᠵᠤ᠂ ᠴᠠᠭ ᠤᠨ ᠳᠠᠩᠰᠠ᠂ ᠡᠭᠦᠷᠭᠡ ᠶᠢᠨ ᠳᠠᠩᠰᠠ ᠪᠠᠨ ᠰᠠᠶᠢᠲᠤᠷ ᠪᠤᠳᠤᠵᠤ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3