ᠰᠢᠩ ᠾᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠳᠤᠭᠤᠶᠢᠯᠠᠩ ᠤᠨ ᠳᠠᠷᠤᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/10
     2 ᠰᠠᠷ᠎ᠠ ᠶᠢᠨ 8᠎ ᠤ ᠡᠳᠦᠷ᠂ ᠰᠢᠩ ᠾᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠳᠤᠭᠤᠶᠢᠯᠠᠩ ᠤᠨ ᠳᠠᠷᠤᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ᠃
     ᠬᠤᠷᠠᠯ ᠠᠴᠠ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠭᠡᠨ ᠤ ᠳᠤᠭᠤᠶᠢᠯᠠᠩ ᠤᠨ ᠡᠯ᠎ᠡ ᠳᠤᠭᠤᠶᠢᠯᠠᠩ ᠤᠨ ᠳᠠᠷᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠠᠬᠢᠴᠠ ᠶᠢᠨ ᠪᠠᠶᠢᠳᠠᠯ ᠪᠣᠯᠤᠨ 2023 ᠣᠨ ᠤ ᠠᠵᠢᠯ ᠤᠨ ᠲᠥᠯᠥᠪᠯᠡᠭᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠠᠵᠢᠯ ᠳᠤ ᠪᠣᠳᠠᠲᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠡᠨᠡ ᠵᠢᠯ᠂ ᠰᠢᠩ ᠡᡁᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠡᠩᠨᠡᠭᠡ ᠶᠢᠨ ᠪᠠᠶᠢᠭᠤᠯᠤᠯᠲᠠ ᠶᠢ ᠰᠠᠭᠤᠷᠢ ᠴᠢᠨᠠᠷᠲᠠᠢ ᠠᠵᠢᠯ ᠪᠣᠯᠭᠠᠵᠤ᠂ ᠰᠠᠶᠢᠲᠤᠷ ᠠᠳᠬᠤᠵᠤ ᠪᠣᠳᠠᠲᠠᠢ ᠠᠳᠬᠤᠪᠠ᠃ ᠪᠦᠬᠦ ᠰᠢᠶᠠᠨ ᠤ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ ᠦᠢᠯᠡᠳᠪᠦᠷᠢ ᠠᠵᠤ ᠠᠬᠤᠶᠢᠯᠠᠯ᠂ ᠰᠤᠷᠭᠠᠭᠤᠯᠢ ᠵᠡᠷᠭᠡ ᠡᠯ᠎ᠡ ᠠᠵᠢᠯ ᠲᠦᠷᠦᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠳᠤᠭᠤᠶᠢᠯᠠᠩ ᠤᠨ 20 ᠳᠠᠷᠤᠭ᠎ᠠ ᠶᠢ ᠰᠣᠩᠭᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ 20 ᠠᠩᠬᠢ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢ ᠬᠠᠮᠵᠢᠨ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠪᠡ᠃ ᠣᠳᠣᠬᠠᠨ ᠪᠣᠯᠲᠠᠯ᠎ᠠ᠂ ᠡᠯ᠎ᠡ ᠳᠤᠭᠤᠶᠢᠯᠠᠩ ᠤᠨ ᠬᠢᠨ ᠨᠡᠶᠢᠳᠡ 328 ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠴᠢ ᠶᠢ ᠳᠠᠩᠰᠠᠯᠠᠬᠤ ᠠᠵᠢᠯ ᠲᠣᠭᠲᠠᠭᠤᠨ ᠢᠶᠠᠷ ᠠᠬᠢᠪᠠ᠃                                                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3