ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠵᠠᠩ ᠭᠤᠤ ᠪᠠᠯᠭᠠᠰᠤ᠂ ᠬᠤᠳᠠ ᠶᠢᠨ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/10
     2 ᠰᠠᠷ᠎ᠠ ᠶᠢᠨ 9᠎ ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠵᠠᠩ ᠭᠤᠤ ᠪᠠᠯᠭᠠᠰᠤ ᠶᠢ ᠴᠠᠭᠳᠠᠨ ᠪᠠᠶᠢᠴᠠᠭᠠᠬᠤ᠂ ᠬᠤᠳᠠ ᠶᠢᠨ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠠᠶᠢᠴᠢᠯᠠᠯᠳᠠ ᠶᠢᠨ ᠬᠤᠷᠠᠯ ᠢ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠯᠦᠸᠧ ᠵᠢᠶᠠᠨ ᠨᠠᠷ ᠬᠤᠷᠠᠯ ᠳᠤ ᠣᠷᠣᠯᠴᠠᠪᠠ᠃
     ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠵᠠᠩ ᠭᠤᠤ ᠪᠠᠯᠭᠠᠰᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ
     ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ      ᠬᠤᠷᠠᠯ ᠠᠴᠠ ᠡᠮᠦᠨ᠎ᠡ᠂ ᠴᠠᠭᠳᠠᠨ ᠪᠠᠶᠢᠴᠠᠭᠠᠬᠤ ᠳᠤᠭᠤᠶᠢᠯᠠᠩ ᠵᠠᠩ ᠭᠤᠤ ᠪᠠᠯᠭᠠᠰᠤ᠂ ᠬᠤᠳᠠ ᠶᠢᠨ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠬᠤᠷᠢᠶᠠᠨ ᠤ ᠬᠠᠷᠢᠭᠤᠴᠠᠯᠭᠠᠲᠠᠨ ᠲᠠᠢ ᠠᠭᠤᠯᠵᠠᠵᠤ ᠨᠡᠪᠲᠡᠷᠡᠯᠴᠡᠬᠦ ᠬᠤᠷᠠᠯ ᠬᠢᠵᠦ᠂ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠠᠶᠢᠴᠢᠯᠠᠯᠳᠠ ᠶᠢᠨ ᠬᠤᠷᠠᠯ ᠳᠡᠭᠡᠷ᠎ᠡ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠬᠤ ᠡᠭᠦᠷᠭᠡ ᠪᠣᠯᠤᠨ ᠠᠵᠢᠯ ᠤᠨ ᠲᠤᠬᠢᠷᠠᠭᠤᠯᠤᠯᠳᠠ ᠶᠢ ᠮᠡᠳᠡᠭᠳᠡᠵᠦ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠤᠬᠠᠢ ᠱᠠᠭᠠᠷᠳᠠᠯᠭ᠎ᠠ ᠳᠤᠷᠠᠳᠴᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠭᠤᠷᠢᠨ ᠪᠠᠶᠢᠴᠠᠭᠠᠬᠤ ᠠᠵᠢᠯ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠲᠥᠪ ᠬᠤᠷᠢᠶᠠᠨ ᠤ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠬᠦᠯᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠳᠦᠷᠢᠮ ᠤᠨ ᠲᠣᠬᠢᠷᠠᠭᠤᠯᠤᠯᠲᠠ ᠮᠥᠨ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠴᠢᠬᠤᠯᠠᠴᠢᠯᠠᠵᠤ᠂ ᠲᠣᠭᠤᠷᠢᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠨ᠂ ︽ᠲᠦᠷᠪᠡᠨ ᠤᠬᠠᠮᠰᠠᠷ︾᠎ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠳᠤ ᠨᠠᠮ ᠤᠨ ᠲᠣᠭᠤᠷᠢᠨ ᠪᠠᠶᠢᠴᠠᠭᠠᠬᠤ ᠲᠣᠭᠤᠷᠢᠨ ᠪᠠᠶᠢᠴᠠᠭᠠᠬᠤ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃      ᠬᠤᠷᠠᠯ ᠠᠴᠠ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠴᠠᠭᠳᠠᠨ ᠪᠠᠶᠢᠴᠠᠭᠠᠬᠤ ᠳᠤ ᠵᠥᠪ ᠢᠶᠠᠷ ᠬᠠᠨᠳᠤᠵᠤ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶ᠎ᠡ ᠶᠢᠨ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠴᠠᠭᠳᠠᠨ ᠪᠠᠶᠢᠴᠠᠭᠠᠬᠤ ᠪᠠᠷ ᠳᠠᠮᠵᠢᠨ ᠤᠯᠤᠰ ᠲᠦᠷᠦ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠵᠤ᠂ ᠡᠯ᠎ᠡ ᠵᠦᠢᠯ ᠤᠨ ᠦᠢᠯᠡᠰ ᠤᠨ ᠲᠠᠰᠤᠷᠠᠯᠲᠠ ᠦᠭᠡᠢ ᠲᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3