ᠰᠢᠶᠠᠨ ᠤ ᠬᠠᠤᠯᠢ ᠴᠠᠭᠠᠵᠠ ᠵᠢᠨ‌‍ᠲ᠋ᠤᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/10
     ᠰᠢᠪᠠᠳᠠᠨ ᠵᠢᠯᠣᠭᠤᠳᠬᠤ ᠳᠤᠭᠤᠶᠢᠯᠠᠩ ᠤᠨ ᠬᠢᠨ ᠲᠤᠰ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠵᠤ᠂ ᠬᠤᠷᠠᠯ ᠠᠴᠠ ᠡᠮᠦᠨᠡᠬᠢ ᠪᠡᠯᠡᠳᠬᠡᠯ ᠠᠵᠢᠯ ᠭᠦᠢᠴᠡᠳ ᠪᠠᠶᠢᠨ᠎ᠠ ᠭᠡᠵᠦ ᠦᠵᠡᠵᠦ᠂ ᠠᠰᠠᠭᠤᠳᠠᠯ ᠢ ᠭᠦᠨᠵᠡᠭᠡᠶ ᠵᠠᠳᠠᠯᠤᠨ ᠰᠢᠨᠵᠢᠯᠡᠵᠦ᠂ ᠬᠠᠷᠢᠯᠴᠠᠨ ᠰᠢᠭᠦᠮᠵᠢᠯᠡᠬᠦ ᠳᠡᠭᠡᠨ ᠨᠠᠮᠴᠢ ᠴᠢᠨᠠᠷ ᠢ ᠡᠷᠬᠢᠮᠯᠡᠬᠦ ᠠᠴᠠ ᠪᠢᠰᠢ ᠬᠤᠪᠢ ᠶᠢᠨ ᠨᠠᠶᠢᠷ ᠲᠠᠯ᠎ᠠ ᠬᠠᠷᠠᠬᠤ ᠦᠭᠡᠢ᠂ ᠦᠨᠡᠨ ᠶᠣᠰᠣ ᠶᠢ ᠡᠷᠬᠢᠮᠯᠡᠬᠦ ᠠᠴᠠ ᠪᠢᠰᠢ ᠨᠢᠭᠤᠷ ᠲᠠᠯ᠎ᠠ ᠬᠠᠷᠠᠬᠤ ᠦᠭᠡᠢ᠂ ᠵᠥᠷᠢᠶ᠎ᠡ ᠲᠠᠢ ᠲᠠᠯ᠎ᠠ ᠶᠢ ᠵᠢᠭᠠᠵᠤ ᠭᠠᠷᠭᠠᠭᠰᠠᠨ ᠮᠥᠷᠲᠡᠭᠡᠨ ᠪᠠᠰᠠ ᠬᠠᠯᠠᠨ ᠰᠠᠶᠢᠵᠢᠷᠠᠭᠤᠯᠬᠤ ᠰᠠᠨᠠᠯ ᠳᠤᠷᠠᠳᠴᠤ᠂ ᠤᠯᠠᠨ ᠢᠶᠠᠷ ᠢᠶᠠᠨ ᠴᠥᠮ ᠰᠢᠭᠦᠮᠵᠢᠯᠡᠭᠰᠡᠨ ᠰᠠᠨᠠᠯ ᠳᠤ ᠵᠥᠪ ᠢᠶᠠᠷ ᠬᠠᠨᠳᠤᠵᠤ᠂ ᠳᠠᠷᠤᠤ ᠬᠢᠴᠢᠶᠡᠩᠭᠦᠶ ᠪᠠᠷ ᠬᠦᠯᠢᠶᠡᠨ ᠠᠪᠴᠤ᠂ ᠪᠠᠶᠢᠪᠠᠯ ᠵᠠᠯᠠᠷᠠᠭᠤᠯᠵᠤ᠂ ᠦᠭᠡᠢ ᠪᠣᠯ ᠬᠢᠴᠢᠶᠡᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠰᠤᠷᠲᠠᠯ ᠢᠶᠠᠨ ᠰᠠᠶᠢᠵᠢᠷᠠᠭᠤᠯᠬᠤ᠂ ᠪᠦᠯᠬᠦᠮᠳᠡᠯ ᠢᠶᠠᠨ ᠴᠢᠩᠭᠠᠳᠬᠠᠬᠤ᠂ ᠠᠵᠢᠯ ᠢᠶᠠᠨ ᠠᠬᠢᠭᠤᠯᠬᠤ᠂ ᠬᠦᠴᠦᠨ ᠢᠶᠠᠨ ᠨᠢᠭᠲᠠᠷᠠᠭᠤᠯᠬᠤ ᠰᠠᠶᠢᠨ ᠠᠭᠤᠷ ᠠᠮᠢᠰᠬᠤᠯ᠂ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠡᠭᠦᠨ ᠤ ᠵᠡᠷᠭᠡᠴᠡᠭᠡᠪᠡᠷ᠂ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠲᠠᠯ᠎ᠠ ᠪᠠᠷ ᠲᠦᠷᠦᠭᠦᠯᠡᠵᠦ᠂ ᠦᠯᠢᠭᠡᠷ ᠳᠠᠭᠤᠷᠢᠶᠠᠯ ᠦᠵᠡᠭᠦᠯᠪᠡ︔ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠪᠠᠨ ᠱᠤᠭᠤᠬᠤ ᠲᠠᠯ᠎ᠠ ᠪᠠᠷ ᠤᠷᠤᠭᠰᠢᠯᠠᠵᠤ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ︔ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠲᠠᠯ᠎ᠠ ᠪᠠᠷ ᠤᠬᠠᠮᠰᠠᠷ ᠠᠴᠠ ᠪᠠᠨ ᠲᠦᠷᠦᠭᠦᠨ ᠳᠤ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠶ︔ ᠤᠬᠠᠮᠰᠠᠷ ᠠᠴᠠ ᠪᠠᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠲᠦᠷᠦᠭᠦᠨ ᠳᠤ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠤᠬᠠᠮᠰᠠᠷ ᠠᠴᠠ ᠪᠠᠨ ᠲᠦᠷᠦᠭᠦᠯᠡᠵᠦ᠂ ᠦᠯᠢᠭᠡᠷ ᠳᠠᠭᠤᠷᠢᠶᠠᠯ ᠪᠣᠯᠬᠤ ᠵᠡᠷᠭᠡ ᠲᠠᠪᠤᠨ ᠲᠠᠯ᠎ᠠ ᠪᠠᠷ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠳᠤ ᠲᠣᠳᠣᠷᠬᠠᠢ ᠱᠠᠭᠠᠷᠳᠠᠯᠭ᠎ᠠ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠳᠤᠷᠠᠳᠪᠠ᠃
     ᠬᠤᠷᠠᠯ ᠠᠴᠠ᠂ ᠬᠤᠷᠠᠯ ᠤᠨ ᠳᠠᠷᠠᠭ᠎ᠠ ᠪᠠᠭ ᠤᠨ ᠪᠦᠷᠢᠯᠳᠦᠬᠦᠨ ᠨᠡᠷ ᠡᠷᠬᠡᠪᠰᠢ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠡᠷᠢᠵᠦ᠂ ᠮᠡᠳᠡᠮᠡᠭᠴᠡ ᠥᠭᠡᠷᠡᠴᠢᠯᠡᠵᠦ᠂ ᠲᠡᠷᠡ ᠳᠠᠷᠤᠢ ᠳᠤᠨᠢ ᠬᠡᠷᠡᠭᠵᠢᠭᠦᠯᠵᠦ᠂ ᠲᠡᠷᠡ ᠳᠠᠷᠤᠢ ᠳᠤᠨᠢ ᠥᠭᠡᠷᠡᠴᠢᠯᠡᠵᠦ᠂ ᠲᠤᠰ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠡᠨᠬᠦ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠢᠭᠡ ᠳᠤ᠂ ᠦᠨᠡᠨᠴᠢ ᠰᠢᠳᠤᠷᠭᠤ ᠤᠤᠷ ᠴᠢᠨᠠᠷ ᠢᠶᠠᠨ ᠪᠠᠲᠤ ᠰᠠᠬᠢᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠨ᠎ᠠ᠃ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ︽ᠬᠤᠶᠠᠷ ᠢ ᠲᠣᠭᠲᠠᠭᠠᠬᠤ︾ ᠦᠵᠡᠯ ᠰᠠᠨᠠᠭᠠᠨ ᠤ ᠤᠬᠠᠮᠰᠠᠷ ᠢ ᠤᠯᠠᠮ ᠴᠢᠨᠠᠭᠰᠢᠳᠠ ᠡᠷᠡᠰ ᠬᠠᠮᠠᠭᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠤᠯᠠᠮ ᠴᠢᠨᠠᠭᠰᠢᠳᠠ ᠴᠢᠩᠭ᠎ᠠ ᠰᠠᠬᠢᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠬᠠᠮᠠᠭᠠᠯᠠᠵᠤ᠂ ︽ᠲᠦᠷᠪᠡᠨ ᠤᠬᠠᠮᠰᠠᠷ︾᠎ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠤᠨᠤᠯ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠤᠷᠳᠤ ᠬᠤᠭᠤᠴᠠᠭᠠᠨ ᠤ ᠤᠯᠤᠰ ᠲᠦᠷᠦ ᠶᠢᠨ ᠡᠭᠦᠷᠭᠡ ᠪᠣᠯᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠷᠢᠭ ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠣᠨᠣᠪᠴᠢᠲᠠᠢ ᠡᠵᠡᠮᠳᠡᠬᠦ ᠬᠡᠷᠡᠭᠲᠡᠢ᠃ ᠭᠤᠷᠪᠠ ᠳᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠭᠰᠢᠳᠠ ᠰᠠᠶᠢᠲᠤᠷ ᠠᠳᠬᠤᠵᠤ᠂ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠥᠷᠢᠯᠡᠨ᠎ᠡ᠃ ᠪᠠᠶᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠵᠤᠷᠪᠤᠰ ᠵᠤᠷᠪᠤᠰ ᠳᠠᠷᠠᠭᠠᠯᠠᠨ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠰᠠᠶᠢᠲᠤᠷ ᠪᠠᠶᠢᠭᠤᠯᠬᠤ ᠬᠡᠷᠡᠭᠲᠡᠶ᠃ ᠲᠦᠷᠪᠡ ᠳᠤ᠂ ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠵᠤ᠂ ᠪᠡᠶ᠎ᠡ ᠪᠠᠨ ᠲᠦᠷᠦᠭᠦᠯᠡᠨ ᠪᠡᠶ᠎ᠡ ᠪᠠᠨ ᠵᠠᠰᠠᠵᠤ ᠪᠡᠶ᠎ᠡ ᠪᠠᠨ ᠱᠠᠭᠠᠷᠳᠠᠬᠤ ᠶᠢ ᠪᠠᠷᠢᠮᠲᠠᠯᠠᠬᠤ ᠬᠡᠷᠡᠭᠲᠡᠢ᠃ ᠲᠦᠷᠦᠭᠦᠯᠡᠨ ᠵᠢᠱᠢᠶ᠎ᠡ ᠦᠵᠡᠭᠦᠯᠬᠦ ᠶᠢ ᠢᠮᠠᠭᠲᠠ ᠪᠡᠶᠡᠯᠡᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠨ ᠵᠠᠰᠠᠵᠤ᠂ ᠰᠠᠶᠢᠨ ᠰᠤᠷᠲᠠᠯ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠭᠴᠢ ᠪᠠ ᠰᠠᠯᠬᠢᠨ ᠤ ᠵᠦᠭᠯᠡᠭᠦᠷ ᠪᠣᠯᠬᠤ ᠬᠡᠷᠡᠭᠲᠡᠶ᠃ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠵᠢᠯ ᠢ ᠬᠠᠪᠰᠤᠷᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠬᠤᠶᠢᠰᠢᠳᠠ ᠤᠯᠤᠰ ᠲᠦᠷᠦ ᠶᠢᠨ ᠪᠠᠶᠢᠭᠤᠯᠤᠯᠲᠠ ᠳᠤ ᠨᠡᠩ ᠶᠡᠭᠡ ᠬᠦᠴᠦ ᠣᠷᠣᠭᠤᠯᠵᠤ᠂ ᠦᠵᠡᠯ ᠰᠠᠨᠠᠭᠠᠨ ᠤ ᠪᠠᠶᠢᠭᠤᠯᠤᠯᠲᠠ ᠳᠤ ᠨᠡᠩ ᠶᠡᠭᠡ ᠬᠦᠴᠦ ᠣᠷᠣᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠨᠡᠩ ᠶᠡᠭᠡ ᠬᠦᠴᠦ ᠣᠷᠣᠭᠤᠯᠵᠤ᠂ ᠡᠯ᠎ᠡ ᠵᠦᠢᠯ ᠤᠨ ᠡᠭᠦᠷᠭᠡ ᠶᠢ ᠭᠦᠨᠵᠡᠭᠡᠶᠢᠷᠡᠭᠦᠯᠦᠨ ᠠᠬᠢᠭᠤᠯᠬᠤ ᠳᠤ ᠨᠡᠩ ᠶᠡᠭᠡ ᠬᠦᠴᠦ ᠣᠷᠣᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3