2 ᠰᠠᠷ᠎ᠠ ᠶᠢᠨ 8 ᠤ ᠡᠳᠦᠷ᠂ ᠰᠢᠩ ᠾᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ | ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠳᠤᠭᠤᠶᠢᠯᠠᠩ ᠤᠨ ᠳᠠᠷᠤᠭ᠎ᠠ ᠶᠢᠨ | ᠠᠵᠢᠯ ᠤᠨ ᠬᠤᠷᠠᠯ ᠬᠤᠷᠠᠯᠳᠤᠭᠤᠯᠪᠠ᠃ | | | ᠬᠤᠷᠠᠯ ᠠᠴᠠ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠭᠡᠨ ᠤ ᠳᠤᠭᠤᠶᠢᠯᠠᠩ ᠤᠨ ᠡᠯ᠎ᠡ | ᠳᠤᠭᠤᠶᠢᠯᠠᠩ ᠤᠨ ᠳᠠᠷᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ | ᠠᠬᠢᠴᠠ ᠶᠢᠨ ᠪᠠᠶᠢᠳᠠᠯ ᠪᠣᠯᠤᠨ 2023 ᠣᠨ ᠤ ᠠᠵᠢᠯ ᠤᠨ ᠲᠥᠯᠥᠪᠯᠡᠭᠡ ᠶᠢ ᠰᠣᠨᠣᠰᠤᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ | ᠠᠵᠢᠯ ᠳᠤ ᠪᠣᠳᠠᠲᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠡᠨᠡ ᠵᠢᠯ᠂ ᠰᠢᠩ ᠡᡁᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠡᠩᠨᠡᠭᠡ ᠶᠢᠨ ᠪᠠᠶᠢᠭᠤᠯᠤᠯᠲᠠ ᠶᠢ ᠰᠠᠭᠤᠷᠢ ᠴᠢᠨᠠᠷᠲᠠᠢ ᠠᠵᠢᠯ | ᠪᠣᠯᠭᠠᠵᠤ᠂ ᠰᠠᠶᠢᠲᠤᠷ ᠠᠳᠬᠤᠵᠤ ᠪᠣᠳᠠᠲᠠᠢ ᠠᠳᠬᠤᠪᠠ᠃ ᠪᠦᠬᠦ ᠰᠢᠶᠠᠨ ᠤ ᠲᠠᠷᠢᠮᠠᠯ ᠤᠨ ᠦᠢᠯᠡᠰ᠂ ᠲᠡᠵᠢᠭᠡᠨ | ᠦᠷᠡᠵᠢᠭᠦᠯᠬᠦ ᠦᠢᠯᠡᠰ᠂ ᠦᠢᠯᠡᠳᠪᠦᠷᠢ ᠠᠵᠤ ᠠᠬᠤᠶᠢᠯᠠᠯ᠂ ᠰᠤᠷᠭᠠᠭᠤᠯᠢ ᠵᠡᠷᠭᠡ ᠡᠯ᠎ᠡ ᠠᠵᠢᠯ ᠲᠦᠷᠦᠯ ᠳᠤ | ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠳᠤᠭᠤᠶᠢᠯᠠᠩ ᠤᠨ 20 ᠳᠠᠷᠤᠭ᠎ᠠ ᠶᠢ | ᠰᠣᠩᠭᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ 20 ᠠᠩᠬᠢ ᠶᠢ ᠵᠣᠬᠢᠶᠠᠨ | ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢ ᠬᠠᠮᠵᠢᠨ ᠪᠦᠬᠦ ᠰᠢᠶᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠦᠭᠡᠮᠡᠯᠵᠢᠭᠦᠯᠦᠯᠲᠡ ᠶᠢ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠪᠡ᠃ ᠣᠳᠣᠬᠠᠨ | ᠪᠣᠯᠲᠠᠯ᠎ᠠ᠂ ᠡᠯ᠎ᠡ ᠳᠤᠭᠤᠶᠢᠯᠠᠩ ᠤᠨ ᠬᠢᠨ ᠨᠡᠶᠢᠳᠡ 328 ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠮᠡᠳᠡᠭᠡ ᠵᠠᠩᠭᠢᠴᠢ ᠶᠢ ᠳᠠᠩᠰᠠᠯᠠᠬᠤ ᠠᠵᠢᠯ ᠲᠣᠭᠲᠠᠭᠤᠨ ᠢᠶᠠᠷ ᠠᠬᠢᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |