2 ᠰᠠᠷ᠎ᠠ ᠶᠢᠨ 9 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ | ᠴᠠᠭᠳᠠᠨ ᠪᠠᠶᠢᠴᠠᠭᠠᠬᠤ ᠳᠤᠭᠤᠶᠢᠯᠠᠩ ᠵᠠᠩ ᠭᠤᠤ ᠪᠠᠯᠭᠠᠰᠤ ᠶᠢ ᠴᠠᠭᠳᠠᠨ ᠪᠠᠶᠢᠴᠠᠭᠠᠬᠤ᠂ ᠬᠤᠳᠠ ᠶᠢᠨ ᠬᠠᠮᠢᠶᠠᠷᠤᠯᠲᠠ ᠶᠢᠨ | ᠲᠣᠪᠴᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠠᠶᠢᠴᠢᠯᠠᠯᠳᠠ ᠶᠢᠨ ᠬᠤᠷᠠᠯ ᠢ ᠬᠤᠷᠠᠯᠳᠤᠭᠤᠯᠪᠠ᠃ | ᠬᠤᠳᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ | ᠳᠤᠭᠤᠶᠢᠯᠠᠩ ᠤᠨ ᠳᠡᠳ᠋ ᠳᠠᠷᠤᠭ᠎ᠠ ᠯᠦᠸᠧ ᠵᠢᠶᠠᠨ ᠨᠠᠷ ᠬᠤᠷᠠᠯ ᠳᠤ ᠣᠷᠣᠯᠴᠠᠪᠠ᠃ | | | ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ | ᠳᠤᠭᠤᠶᠢᠯᠠᠩ ᠵᠠᠩ ᠭᠤᠤ ᠪᠠᠯᠭᠠᠰᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠣᠭᠤᠷᠢᠨ ᠪᠠᠶᠢᠴᠠᠭᠠᠬᠤ ᠠᠵᠢᠯ ᠤᠨ | ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ | | | ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ | ᠳᠤᠭᠤᠶᠢᠯᠠᠩ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ | ᠬᠤᠷᠠᠯ ᠠᠴᠠ ᠡᠮᠦᠨ᠎ᠡ᠂ ᠴᠠᠭᠳᠠᠨ ᠪᠠᠶᠢᠴᠠᠭᠠᠬᠤ ᠳᠤᠭᠤᠶᠢᠯᠠᠩ ᠵᠠᠩ ᠭᠤᠤ ᠪᠠᠯᠭᠠᠰᠤ᠂ ᠬᠤᠳᠠ ᠶᠢᠨ | ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠬᠤᠷᠢᠶᠠᠨ ᠤ ᠬᠠᠷᠢᠭᠤᠴᠠᠯᠭᠠᠲᠠᠨ ᠲᠠᠢ ᠠᠭᠤᠯᠵᠠᠵᠤ ᠨᠡᠪᠲᠡᠷᠡᠯᠴᠡᠬᠦ ᠬᠤᠷᠠᠯ | ᠬᠢᠵᠦ᠂ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ | ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠠᠶᠢᠴᠢᠯᠠᠯᠳᠠ ᠶᠢᠨ ᠬᠤᠷᠠᠯ | ᠳᠡᠭᠡᠷ᠎ᠡ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠬᠤ ᠡᠭᠦᠷᠭᠡ ᠪᠣᠯᠤᠨ ᠠᠵᠢᠯ ᠤᠨ | ᠲᠤᠬᠢᠷᠠᠭᠤᠯᠤᠯᠳᠠ ᠶᠢ ᠮᠡᠳᠡᠭᠳᠡᠵᠦ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠲᠣᠭᠤᠷᠢᠨ | ᠪᠠᠶᠢᠴᠠᠭᠠᠬᠤ ᠠᠵᠢᠯ ᠳᠤ ᠬᠠᠮᠵᠢᠯᠴᠠᠬᠤ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠭᠤᠷᠢᠨ ᠪᠠᠶᠢᠴᠠᠭᠠᠬᠤ ᠠᠵᠢᠯ ᠪᠣᠯ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠲᠥᠪ ᠬᠤᠷᠢᠶᠠᠨ ᠤ ᠨᠠᠮ ᠪᠠ ᠤᠯᠤᠰ ᠤᠨ ᠬᠢᠨᠠᠯᠲᠠ ᠲᠠᠯᠪᠢᠬᠤ | ᠰᠢᠰᠲ᠋ᠧᠮ ᠢ ᠪᠦᠷᠢᠨᠰᠢᠬᠦᠯᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠳᠦᠷᠢᠮ ᠤᠨ ᠲᠣᠬᠢᠷᠠᠭᠤᠯᠤᠯᠲᠠ ᠮᠥᠨ᠂ ᠡᠯ᠎ᠡ | ᠱᠠᠲᠤᠨ ᠤ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ | ᠠᠵᠢᠯ ᠢ ᠳᠡᠭᠡᠳᠦ ᠬᠡᠮᠵᠢᠶ᠎ᠡ ᠴᠢᠬᠤᠯᠠᠴᠢᠯᠠᠵᠤ᠂ ᠲᠣᠭᠤᠷᠢᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠨ᠂ ︽ᠲᠦᠷᠪᠡᠨ | ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠳᠤ ᠨᠠᠮ ᠤᠨ ᠲᠣᠭᠤᠷᠢᠨ ᠪᠠᠶᠢᠴᠠᠭᠠᠬᠤ ᠲᠣᠭᠤᠷᠢᠨ ᠪᠠᠶᠢᠴᠠᠭᠠᠬᠤ ᠲᠦᠷᠢᠮ ᠢ ᠡᠷᠡᠰ | ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠡᠷᠡᠰ | ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠴᠠᠭᠳᠠᠨ ᠪᠠᠶᠢᠴᠠᠭᠠᠬᠤ ᠳᠤ ᠵᠥᠪ ᠢᠶᠠᠷ ᠬᠠᠨᠳᠤᠵᠤ | ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶ᠎ᠡ ᠶᠢᠨ ᠲᠤᠰ | ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠴᠠᠭᠳᠠᠨ | ᠪᠠᠶᠢᠴᠠᠭᠠᠬᠤ ᠪᠠᠷ ᠳᠠᠮᠵᠢᠨ ᠤᠯᠤᠰ ᠲᠦᠷᠦ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠵᠤ᠂ ᠡᠯ᠎ᠡ | ᠵᠦᠢᠯ ᠤᠨ ᠦᠢᠯᠡᠰ ᠤᠨ ᠲᠠᠰᠤᠷᠠᠯᠲᠠ ᠦᠭᠡᠢ ᠲᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |