ᠯᠢ ᠺᠠᠶ ᠳ᠋ᠦᠩ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠ ᠭᠤᠤᠯ ᠤᠨ ᠵᠠᠮ ᠤᠨ ᠠᠮᠢ ᠠᠬᠤᠶ ᠶᠢ ᠰᠡᠷᠭᠦᠭᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/2/13
     2 ᠰᠠᠷ᠎ᠠ ᠶᠢᠨ 13᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠ ᠭᠤᠤᠯ ᠤᠨ ᠵᠠᠮ ᠤᠨ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠤᠨ ᠲᠤᠬᠠᠶ ᠪᠠᠶᠢᠴᠠᠭᠠᠨᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠧᠦ ᠷᠦᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠯᠢ ᠺᠠᠶ ᠳ᠋ᠦᠩ ᠬᠤᠸᠠ ᠯᠢᠶᠠᠨ ᠬᠡᠲᠦ ᠳᠡᠯᠭᠡᠭᠦᠷ ᠲᠤ ᠬᠦᠷᠴᠦ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
     ᠯᠢ ᠺᠠᠶ ᠳ᠋ᠦᠩ ᠰᠢ ᠺᠸᠦ ᠶᠢᠨ ᠴᠤᠸᠠᠨ ᠹᠦ᠋ ᠬᠠᠯᠠᠭᠤᠨ ᠲᠣᠭᠤᠭᠠᠨ ᠳᠤ ᠬᠦᠷᠴᠦ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
     ᠯᠢ ᠺᠠᠶ ᠳ᠋ᠦᠩ ᠨᠡᠷ ᠤᠷᠢᠳ ᠬᠤᠵᠢᠳ ᠬᠤᠸᠠ ᠯᠢᠶᠠᠨ ᠬᠡᠲᠦ ᠳᠡᠯᠭᠡᠭᠦᠷ᠂ ᠰᠢ ᠺᠸᠦ ᠶᠢᠨ ᠴᠤᠸᠠᠨ ᠹᠦ᠋ ᠬᠠᠯᠠᠭᠤᠨ ᠲᠣᠭᠤᠭ᠎ᠠ᠂ ᠴᠠᠢ ᠭᠸᠦ ᠪᠦᠦ ᠶᠢᠨ ᠰᠢᠷᠠᠭᠰᠠᠨ ᠮᠢᠬᠠᠨ ᠤ ᠳᠡᠯᠭᠡᠭᠦᠷ ᠲᠤ ᠬᠦᠷᠴᠦ᠂ ᠢᠳᠡᠭᠡᠨ ᠤ ᠠᠮᠤᠷ ᠲᠦᠪᠰᠢᠨ ᠤ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ ᠤ ᠬᠤᠲᠠ ᠪᠠᠶᠢᠭᠤᠯᠬᠤ ᠤᠬᠠᠭᠤᠯᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ᠂ ᠢᠳᠡᠭᠡᠨ ᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠠᠷᠢᠨ ᠨᠢᠮᠪᠠᠶ ᠰᠣᠯᠢᠯᠴᠠᠵᠤ᠂ ᠬᠤᠯᠪᠣᠭᠳᠠᠯ ᠪᠥᠬᠦᠶ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠶ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠦᠪᠰᠢᠨ ᠪᠣᠯ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ ᠪᠣᠯᠬᠤᠷ ᠢᠳᠡᠭᠡᠨ ᠤ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠭᠦᠢᠴᠡᠳ᠂ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠪᠠᠨ ᠲᠦᠷᠦᠭᠦᠯᠡᠨ ᠭᠦᠢᠴᠡᠭᠡᠵᠦ᠂ ᠢᠳᠡᠭᠡᠨ ᠤ ᠠᠮᠤᠷ ᠲᠦᠪᠰᠢᠨ ᠢ ᠲᠠᠰ ᠱᠠᠲᠤ ᠬᠤᠪᠢᠶᠠᠨ ᠳᠠᠭᠠᠭᠠᠴᠢᠯᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠲᠤ ᠪᠠᠬᠢ ᠪᠠᠶᠢᠭᠤᠯᠬᠤ ᠬᠡᠷᠡᠭᠲᠡᠶ᠃      ᠯᠢ ᠺᠠᠢ ᠳ᠋ᠦᠩ ᠡᠯ ᠳ᠋ᠤᠤ ᠾᠧ ᠭᠤᠣᠯ ᠤᠨ ᠬᠤᠶᠠᠷ ᠬᠥᠪᠡᠭᠡᠨ ᠤ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠠᠵᠢᠯ ᠤᠨ ᠲᠤᠬᠠᠢ ᠶᠢᠨ ᠲᠠᠯᠠᠪᠠᠢ ᠳᠤ ᠬᠦᠷᠴᠦ ᠭᠤᠣᠯ ᠤᠨ ᠵᠠᠮ ᠤᠨ ᠠᠮᠢ ᠠᠬᠤᠢ ᠶᠢ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠪᠠ      ᠳᠠᠷᠠᠭ᠎ᠠ ᠨᠢ᠂ ᠯᠢ ᠺᠠᠢ ᠳ᠋ᠦᠩ ᠪᠠᠰᠠ ᠡᠯ ᠳ᠋ᠤᠤ ᠾᠧ ᠭᠤᠣᠯ ᠤᠨ ᠬᠤᠶᠠᠷ ᠬᠥᠪᠡᠭᠡᠨ ᠤ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠠᠵᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠭᠤᠣᠯ ᠤᠨ ᠵᠠᠮ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠢ ᠥᠷᠨᠢᠭᠦᠯᠬᠦ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠢᠴᠢ ᠭᠤᠣᠯ ᠤᠨ ᠤᠰᠤ ᠶᠢ ᠵᠠᠰᠠᠬᠤ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠮ ᠳᠠᠭᠠᠤ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠠᠬᠢᠭᠤᠯᠵᠤ᠂ ᠰᠢᠩ ᠡᡁᠧ ᠰᠢᠶᠠᠨ ᠪᠣᠯᠤᠨ ᠳᠤᠤᠷᠠᠳᠤ ᠤᠷᠤᠰᠬᠠᠯ ᠤᠨ ᠭᠠᠵᠠᠷ ᠣᠷᠣᠨ ᠤ ᠢᠷᠡᠭᠡᠳᠦᠢ ᠶᠢᠨ ᠬᠥᠭᠵᠢᠯᠲᠡ ᠳᠤ ᠣᠷᠣᠨ ᠵᠠᠢ ᠦᠯᠡᠳᠡᠭᠡᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠮᠢ ᠠᠬᠤᠢ ᠶᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠪᠦᠬᠦ ᠰᠢᠶᠠᠨ ᠤ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠳᠤ ᠬᠦᠴᠦᠲᠡᠢ ᠠᠮᠢ ᠠᠬᠤᠢ ᠶᠢᠨ ᠣᠷᠴᠢᠨ ᠲᠣᠭᠤᠷᠢᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3