ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠡᠬᠢᠯᠡᠯᠲᠡ᠂ ᠰᠢᠨ᠎ᠡ ᠠᠭᠤᠷ ᠠᠮᠢᠰᠬᠤᠯ︕ | ᠰᠤᠷᠤᠭᠴᠢᠳ ᠤᠨ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠳᠤ ︽ᠬᠠᠷᠠᠬᠤ︾ ᠶᠢᠨ ᠴᠢᠬᠤᠯᠠ ᠶᠡᠭᠡ | ᠪᠣᠭᠤᠮᠲᠠ ᠶᠢ ᠡᠷᠬᠡᠪᠰᠢ ︽ᠬᠠᠷᠠᠬᠤ︾ ᠶᠢ ᠴᠢᠬᠤᠯᠠᠴᠢᠯᠠᠬᠤ ᠬᠡᠷᠡᠭᠲᠡᠶ᠃ ᠰᠤᠷᠭᠠᠭᠤᠯᠢ ᠡᠬᠢᠯᠡᠬᠦ ᠠᠩᠬᠠᠨ ᠤ | ᠬᠢᠴᠢᠶᠡᠯ ᠨᠢ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠪᠠᠭ᠎ᠠ ᠮᠡᠳᠡᠯᠭᠡ ᠠᠴᠠ ᠡᠬᠢᠯᠡᠳᠡᠭ᠃ | ᠣᠶᠢᠷ᠎ᠠ ᠬᠠᠷᠠᠭ᠎ᠠ ᠭᠡᠳᠡᠭ ᠨᠢ ᠨᠢᠳᠦ ᠶᠢ ᠲᠣᠬᠢᠷᠠᠭᠤᠯᠵᠤ ᠰᠤᠯᠠᠳᠬᠠᠬᠤ ᠪᠠᠶᠢᠳᠠᠯ ᠳᠣᠣᠷ᠎ᠠ᠂ ᠵᠡᠷᠭᠡᠴᠡᠭᠡ | ᠭᠡᠷᠡᠯ ᠤᠨ ᠱᠤᠭᠤᠮ ᠨᠢᠳᠦᠨ ᠤ ᠴᠡᠴᠡᠭᠡᠶ ᠶᠢᠨ ᠭᠡᠷᠡᠯ ᠤᠨ ᠨᠤᠭᠤᠷᠠᠯᠲᠠ ᠶᠢᠨ ᠰᠢᠰᠲ᠋ᠧᠮ ᠢᠶᠠᠷ ᠳᠠᠮᠵᠢᠭᠰᠠᠨ ᠤ ᠳᠠᠷᠠᠭ᠎ᠠ | ᠨᠢᠳᠦᠨ ᠤ ᠲᠣᠣᠷᠯᠢᠭ ᠪᠦᠷᠬᠦᠪᠴᠢ ᠶᠢᠨ ᠡᠮᠦᠨ᠎ᠡ ᠲᠥᠪᠯᠡᠷᠡᠬᠦ ᠶᠢ ᠵᠢᠭᠠᠵᠤ ᠪᠠᠶᠢᠨ᠎ᠠ᠃ | ᠡᠩ ᠤᠨ ᠪᠠᠶᠢᠳᠠᠯ ᠢᠶᠠᠷ ᠬᠡᠯᠡᠪᠡᠯ᠂ ᠪᠢᠳᠡ ᠨᠢᠳᠦᠨ ᠴᠡᠴᠡᠭᠡᠶ ᠶᠢ ᠨᠢᠭᠡᠨ ᠭᠡᠷᠡᠯ ᠵᠢᠷᠤᠭ ᠤᠨ ᠮᠠᠰᠢᠨ ᠢᠶᠠᠷ | ᠵᠦᠢᠷᠯᠡᠵᠦ ᠪᠣᠯᠤᠨ᠎ᠠ᠂ ᠨᠢᠳᠦᠨ ᠤ ᠭᠡᠷᠡᠯ ᠤᠨ ᠨᠤᠭᠤᠷᠠᠯᠲᠠ ᠶᠢᠨ ᠰᠢᠰᠲ᠋ᠧᠮ ᠪᠣᠯ ᠳᠠᠷᠤᠶ ︽ᠯᠤᠨ᠋ᠰ︾ ᠪᠣᠯᠤᠨ᠎ᠠ᠂ | ᠡᠨᠡ ᠨᠢ ᠲᠥᠪᠯᠡᠷᠡᠯ ᠲᠣᠬᠢᠷᠠᠭᠤᠯᠬᠤ ᠰᠢᠰᠲ᠋ᠧᠮ ᠲᠠᠢ ᠲᠡᠩᠴᠡᠨ᠎ᠡ᠂ ᠨᠢᠳᠦᠨ ᠢᠷᠣᠭᠠᠷ ᠤᠨ ᠬᠠᠷᠠᠭᠠᠨ ᠲᠣᠣᠷᠯᠢᠭ | ᠪᠦᠷᠬᠦᠪᠴᠢ ᠨᠢ ᠭᠡᠷᠡᠯ ᠵᠢᠷᠤᠭ ᠤᠨ ᠮᠠᠰᠢᠨ ᠤ ᠡᠬᠡ ᠹᠢᠯᠢᠮ ᠲᠠᠢ ᠲᠡᠩᠴᠡᠨ᠎ᠡ᠃ ᠣᠶᠢᠷ᠎ᠠ ᠬᠠᠷᠠᠭ᠎ᠠ ᠲᠠᠢ ᠪᠣᠯᠬᠤ | ᠦᠶ᠎ᠡ ᠳᠤ᠂ ᠭᠡᠷᠡᠯ ᠵᠢᠷᠤᠭ ᠤᠨ ᠮᠠᠰᠢᠨ ᠤ ᠰᠡᠭᠦᠳᠡᠷᠯᠡᠭᠰᠡᠨ ᠠᠯᠤᠰ ᠤᠨ ᠦᠵᠡᠮᠵᠢ ᠶᠢ ᠭᠡᠷᠡᠯ ᠵᠢᠷᠤᠭ ᠤᠨ ᠮᠠᠰᠢᠨ ᠤ | ᠲᠣᠳᠣᠷᠬᠠᠶ ᠢᠯᠡᠷᠡᠭᠦᠯᠵᠦ ᠴᠢᠳᠠᠬᠤ ᠤᠢᠭᠡᠢ ᠪᠤᠯᠵᠦ᠂ ᠶᠠᠭ ᠯᠠ ᠬᠤᠯᠠ ᠶᠢᠨ ᠶᠠᠭᠤᠮ᠎ᠠ ᠶᠢ ᠲᠣᠳᠣᠷᠬᠠᠶ ᠣᠯᠵᠤ | ᠦᠵᠡᠬᠦ ᠤᠢᠭᠡᠢ ᠪᠠᠶᠢᠳᠠᠭ᠃ | ᠶᠠᠮᠠᠷ ᠶᠠᠮᠠᠷ ᠳᠣᠬᠢᠶ᠎ᠠ ᠭᠠᠷᠪᠠᠯ ᠣᠶᠢᠷ᠎ᠠ ᠬᠠᠷᠠᠭ᠎ᠠ ᠠᠴᠠ ᠰᠡᠷᠡᠮᠵᠢᠯᠡᠬᠦ ᠬᠡᠷᠡᠭᠲᠡᠢ ᠪᠣᠢ ︖ | 1. ᠶᠠᠭᠤᠮ᠎ᠠ ᠦᠵᠡᠬᠦ ᠨᠢ ᠣᠶᠢᠷᠠᠯᠴᠠᠭ᠎ᠠ ᠪᠣᠯᠬᠤ᠄ ᠬᠡᠦᠬᠡᠳ ᠶᠠᠭᠤᠮ᠎ᠠ ᠦᠵᠡᠬᠦ ᠳᠡᠭᠡᠨ ᠣᠶᠢᠷᠠᠯᠴᠠᠭ᠎ᠠ | ᠪᠠᠶᠢᠳᠠᠭ᠂ ᠵᠢᠱᠢᠶᠡᠯᠡᠪᠡᠯ᠂ ᠲᠧᠯᠸᠢᠰ ᠦᠵᠡᠬᠦ᠂ ᠨᠣᠮ ᠤᠩᠰᠢᠬᠤ ᠪᠤᠶᠤ ᠡᠯᠧᠺᠳ᠋ᠷᠣᠨ ᠪᠦᠲᠦᠭᠡᠭᠳᠡᠬᠦᠨ ᠢᠶᠠᠷ | ᠨᠠᠭᠠᠳᠬᠤ ᠦᠶ᠎ᠡ ᠳᠤ ᠨᠢᠳᠦᠨ ᠤ ᠵᠠᠶ ᠨᠢ ᠣᠶᠢᠷᠠᠯᠴᠠᠭ᠎ᠠ ᠪᠣᠯᠵᠤ᠂ ᠳᠠᠰᠬᠠᠯ ᠬᠢᠬᠦ ᠳᠡᠭᠡᠨ ᠨᠢᠷᠤᠭᠤ ᠪᠥᠬᠦ᠋ᠢᠬᠦ ᠵᠡᠷᠭᠡ᠃ | | ᠡᠩ ᠤᠨ ᠵᠠᠶ ᠳᠤ ᠲᠣᠳᠣᠷᠬᠠᠶ ᠣᠯᠵᠤ ᠬᠠᠷᠠᠬᠤ ᠦᠭᠡᠢ᠂ ᠡᠷᠬᠡᠪᠰᠢ ᠨᠢᠳᠦ ᠪᠣᠯᠤᠨ ᠪᠡᠶ᠎ᠡ ᠶᠢᠨ ᠵᠠᠶ ᠶᠢ | ᠣᠶᠢᠷᠠᠲᠤᠭᠤᠯᠪᠠᠯ ᠰᠠᠶ᠋ᠢ ᠲᠣᠳᠣᠷᠬᠠᠶ ᠣᠯᠵᠤ ᠬᠠᠷᠠᠨ᠎ᠠ᠂ ᠳᠡᠯᠭᠡᠴᠡ ᠳᠤ ᠣᠶᠢᠷᠠᠲᠤᠭᠤᠯᠬᠤ ᠳᠤᠷᠠᠲᠠᠶ ᠪᠠᠶᠢᠳᠠᠭ᠃ | ᠨᠢᠳᠦ ᠵᠣᠬᠢᠴᠠᠭᠤᠯᠭ᠎ᠠ ᠬᠡᠪ ᠤᠨ ᠪᠤᠰᠤ᠂ ᠪᠠᠴᠢᠮᠳᠠᠨ ᠵᠠᠭᠤᠷᠠᠬᠤ ᠪᠠᠶᠢᠳᠠᠯ ᠳᠤ ᠣᠷᠣᠰᠢᠵᠤ᠂ ᠬᠤᠯᠠ ᠶᠢ ᠬᠠᠷᠠᠵᠤ | ᠲᠣᠳᠣ ᠦᠭᠡᠢ ᠪᠣᠯᠵᠤ᠂ ᠨᠢᠭᠡ ᠲᠠᠯ᠎ᠠ ᠪᠠᠷ ᠬᠠᠭᠤᠷᠮᠠᠭ ᠣᠶᠢᠷ᠎ᠠ ᠬᠠᠷᠠᠭ᠎ᠠ ᠲᠠᠢ ᠪᠣᠯᠵᠤ᠂ ᠨᠥᠭᠦᠭᠡ ᠲᠠᠯ᠎ᠠ ᠪᠠᠷ ᠨᠡᠩ | ᠠᠮᠠᠷᠬᠠᠨ ᠬᠠᠷᠠᠭᠠᠨ ᠤ ᠶᠠᠳᠠᠷᠠᠯ ᠢ ᠡᠭᠦᠰᠭᠡᠵᠦ᠂ ᠵᠢᠩᠬᠢᠨᠢ ᠣᠶᠢᠷ᠎ᠠ ᠬᠠᠷᠠᠭ᠎ᠠ ᠶᠢᠨ ᠪᠦᠷᠢᠯᠳᠦᠬᠦ ᠪᠠ ᠠᠬᠢᠬᠤ ᠶᠢ | ᠲᠦᠷᠭᠡᠳᠬᠡᠨ᠎ᠡ᠃ | 2. ᠨᠢᠳᠦ ᠪᠠᠨ ᠠᠨᠢᠬᠤ᠂ ᠬᠥᠮᠥᠰᠬᠡ ᠪᠠᠨ ᠠᠲᠤᠷᠢᠭᠤᠯᠬᠤ᠂ ᠲᠣᠯᠣᠭᠠᠶ ᠪᠠᠨ ᠳᠠᠯᠵᠢᠶ᠋ᠯᠭᠠᠬᠤ᠂ | ᠲᠣᠯᠣᠭᠠᠶ ᠪᠠᠨ ᠳᠡᠭᠡᠭᠰᠢ ᠬᠠᠷᠠᠨ ᠶᠠᠭᠤᠮ᠎ᠠ ᠦᠵᠡᠬᠦ ᠳᠤᠷᠠᠲᠠᠶ᠄ ᠬᠡᠦᠬᠡᠳ ᠤᠨ ᠨᠢᠳᠦ ᠪᠠᠨ ᠠᠨᠢᠬᠤ ᠪᠠ | ᠬᠥᠮᠥᠰᠬᠡ ᠪᠠᠨ ᠠᠲᠤᠷᠢᠭᠤᠯᠬᠤ ᠵᠢᠴᠢ ᠨᠢᠳᠦᠨ ᠪᠤᠯᠤᠩ ᠢᠶᠠᠨ ᠲᠠᠲᠠᠬᠤ ᠵᠡᠷᠭᠡ ᠵᠢᠵᠢᠭ ᠬᠥᠳᠡᠯᠭᠡᠭᠡᠨ ᠨᠢ | ᠠᠨᠢᠰᠬ᠎ᠠ ᠶᠢᠨ ᠬᠡᠰᠡᠭ ᠬᠡᠦᠬᠡᠨ ᠬᠠᠷᠠᠭ᠎ᠠ ᠶᠢ ᠬᠠᠯᠬᠠᠯᠠᠵᠤ᠂ ᠭᠡᠷᠡᠯ ᠢ ᠪᠠᠭ᠎ᠠ ᠰᠠᠷᠨᠢᠭᠤᠯᠵᠤ᠂ ᠬᠠᠷᠠᠭ᠎ᠠ ᠶᠢ | ᠰᠠᠶᠢᠵᠢᠷᠠᠭᠤᠯᠤᠨ᠎ᠠ᠃ ᠨᠢᠳᠦᠨ ᠤ ᠪᠤᠯᠤᠩ ᠢ ᠲᠠᠲᠠᠬᠤ ᠨᠢ ᠪᠠᠰᠠ ᠡᠪᠡᠷᠯᠢᠭ ᠪᠦᠷᠬᠦᠪᠴᠢ ᠶᠢ ᠳᠠᠷᠤᠵᠤ ᠭᠡᠷᠡᠯ ᠤᠨ | ᠨᠤᠭᠤᠷᠠᠯᠲᠠ ᠶᠢᠨ ᠬᠦᠴᠦ ᠶᠢ ᠥᠭᠡᠷᠡᠴᠢᠯᠡᠨ᠎ᠡ᠃ ᠡᠳᠡᠭᠡᠷ ᠨᠢ ᠪᠦᠷ ᠣᠶᠢᠷ᠎ᠠ ᠬᠠᠷᠠᠭ᠎ᠠ ᠲᠠᠢ ᠬᠡᠦᠬᠡᠳ ᠤᠨ | ᠬᠠᠷᠠᠭ᠎ᠠ ᠶᠢ ᠣᠬᠤᠷᠬᠠᠨ ᠬᠤᠭᠤᠴᠠᠭᠠᠨ ᠳᠤ ᠳᠡᠭᠡᠭᠰᠢᠯᠡᠭᠦᠯᠵᠦ ᠪᠣᠯᠤᠨ᠎ᠠ᠃ ᠡᠭᠦᠨ ᠲᠠᠢ ᠠᠳᠠᠯᠢ ᠪᠠᠷ᠂ ᠲᠣᠯᠣᠭᠠᠶ ᠪᠠᠨ | ᠳᠠᠯᠵᠢᠶ᠋ᠯᠭᠠᠬᠤ᠂ ᠲᠣᠯᠣᠭᠠᠶ ᠪᠠᠨ ᠭᠡᠳᠡᠶᠢᠯᠭᠡᠬᠦ ᠨᠢ ᠬᠡᠦᠬᠡᠳ ᠤᠨ ᠶᠠᠭᠤᠮ᠎ᠠ ᠦᠵᠡᠬᠦ ᠭᠡᠷᠡᠯ ᠤᠨ ᠨᠤᠭᠤᠷᠠᠯᠲᠠ ᠶᠢᠨ | ᠪᠠᠶᠢᠳᠠᠯ ᠢ ᠵᠣᠬᠢᠬᠤ ᠬᠡᠮᠵᠢᠶ᠎ᠡ ᠪᠠᠷ ᠬᠤᠪᠢᠷᠠᠭᠤᠯᠬᠤ ᠶᠢᠨ ᠤᠯᠠᠮ ᠠᠴᠠ ᠨᠡᠩ ᠲᠣᠳᠣᠷᠬᠠᠶ ᠣᠯᠵᠤ ᠬᠠᠷᠠᠳᠠᠭ᠃ | 3. ᠦᠷᠭᠦᠯᠵᠢ ᠨᠢᠳᠦ ᠪᠠᠨ ᠨᠤᠬᠤᠯᠠᠬᠤ᠂ ᠪᠠᠶᠢᠨ ᠳᠠᠬᠢᠨ ᠠᠨᠢᠪᠴᠢᠬᠤ᠄ ᠵᠠᠷᠢᠮ ᠬᠡᠦᠬᠡᠳ ᠣᠶᠢᠷ᠎ᠠ | ᠬᠠᠷᠠᠭ᠎ᠠ ᠠᠴᠠ ᠶᠠᠭᠤᠮ᠎ᠠ ᠶᠢ ᠲᠣᠳᠣᠷᠬᠠᠶ ᠣᠯᠵᠤ ᠦᠵᠡᠬᠦ ᠦᠭᠡᠢ ᠠᠴᠠ ᠪᠣᠯᠵᠤ ᠨᠢᠳᠦᠨ ᠳᠤ ᠡᠪ ᠦᠭᠡᠢ ᠪᠣᠯᠵᠤ᠂ | ᠪᠠᠰᠠ ᠨᠢᠳᠦ ᠪᠠᠨ ᠬᠡᠲᠦᠷᠡᠲᠡᠯ᠎ᠡ ᠬᠡᠷᠡᠭᠯᠡᠪᠡᠯ ᠨᠢᠳᠦᠨ ᠤ ᠶᠠᠳᠠᠷᠠᠯ ᠢ ᠡᠭᠦᠰᠭᠡᠳᠡᠭ᠂ ᠡᠳᠡᠭᠡᠷ ᠨᠢ ᠪᠦᠷ ᠬᠡᠦᠬᠡᠳ ᠢ | ᠭᠠᠷ ᠢᠶᠠᠷ ᠢᠶᠠᠨ ᠳᠠᠬᠢᠨ ᠳᠠᠪᠲᠠᠨ ᠨᠢᠳᠦ ᠪᠠᠨ ᠨᠤᠬᠤᠯᠠᠬᠤ ᠳᠤ ᠬᠦᠷᠦᠭᠦᠯᠳᠡᠭ᠃ ᠪᠠᠶᠢᠨ ᠳᠠᠬᠢᠨ ᠨᠢᠳᠦ ᠪᠠᠨ | ᠨᠤᠬᠤᠯᠠᠬᠤ ᠨᠢ ᠬᠡᠦᠬᠡᠳ ᠤᠨ ᠣᠶᠢᠷ᠎ᠠ ᠬᠠᠷᠠᠭ᠎ᠠ ᠪᠠ ᠬᠠᠷᠠᠭ᠎ᠠ ᠶᠢᠨ ᠰᠠᠷᠨᠢᠯᠲᠠ ᠶᠢ ᠬᠦᠨᠳᠦᠷᠡᠭᠦᠯᠵᠦ ᠮᠡᠳᠡᠨ᠎ᠡ᠃ | 4. ᠪᠤᠰᠤᠳ ᠦᠢᠯᠡ ᠠᠵᠢᠯᠯᠠᠭ᠎ᠠ ᠨᠢ ᠬᠡᠪ ᠤᠨ ᠪᠤᠰᠤ᠄ ᠬᠡᠦᠬᠡᠳ ᠳᠠᠰᠬᠠᠯ ᠬᠢᠬᠦ ᠳᠡᠭᠡᠨ ᠦᠰᠦᠭ ᠢ ᠨᠢ | ᠵᠢᠭᠳᠡ ᠬᠠᠭᠤᠯᠬᠤ ᠦᠭᠡᠢ ᠪᠤᠶᠤ ᠠᠭᠤᠷ ᠠᠭᠠᠰᠢ ᠨᠢ ᠬᠡᠳᠡᠷ ᠳᠣᠭᠰᠢᠨ ᠪᠣᠯᠵᠤ᠂ ᠴᠢᠨᠠᠭᠰᠢᠯᠠᠪᠠᠯ ᠰᠤᠷᠬᠤ ᠳᠤᠷ᠎ᠠ | ᠦᠭᠡᠢ ᠪᠣᠯᠤᠭᠰᠠᠨ︔ ᠬᠥᠮᠦᠨ ᠲᠠᠢ ᠮᠡᠨᠳᠦᠴᠢᠯᠡᠬᠦ ᠳᠤᠷ᠎ᠠ ᠥᠬᠡᠶ ᠪᠣᠯᠵᠣ᠂ ᠠᠮᠠᠷᠬᠠᠨ ᠪᠠᠴᠢᠮᠳᠠᠨ ᠰᠠᠨᠳᠤᠷᠳᠠᠭ︔ | ᠪᠢᠴᠢᠬᠠᠨ ᠨᠠᠶᠢᠵᠠ ᠯᠤᠭ᠎ᠠ ᠶᠢᠨ ᠬᠠᠷᠢᠴᠠᠭ᠎ᠠ ᠡᠪ ᠦᠭᠡᠢ ᠪᠣᠯᠵᠠᠶ︔ ᠭᠡᠬᠦ ᠮᠡᠲᠦ᠃ ᠡᠳᠡᠭᠡᠷ ᠬᠤᠪᠢᠷᠠᠯᠲᠠ ᠨᠢ ᠪᠦᠷ | ᠣᠶᠢᠷ᠎ᠠ ᠬᠠᠷᠠᠭ᠎ᠠ ᠲᠠᠢ ᠪᠣᠯᠬᠤ ᠶᠢᠨ ᠰᠡᠷᠡᠮᠵᠢ ᠶᠢᠨ ᠳᠣᠬᠢᠶ᠎ᠠ ᠪᠠᠶᠢᠵᠤ ᠮᠡᠳᠡᠨ᠎ᠡ᠃ ᠬᠡᠦᠬᠡᠳ ᠶᠠᠭᠤᠮ᠎ᠠ ᠶᠢ ᠲᠣᠳᠣ | ᠬᠠᠷᠠᠵᠤ ᠴᠢᠳᠠᠬᠤ ᠦᠭᠡᠢ ᠦᠶ᠎ᠡ ᠳᠤ ᠪᠠᠴᠢᠮᠳᠠᠨ ᠰᠠᠨᠳᠤᠷᠬᠤ ᠪᠠᠶᠢᠳᠠᠯ ᠭᠠᠷᠴᠤ ᠮᠡᠳᠡᠨ᠎ᠡ᠃ | | ᠳᠡᠭᠡᠷᠡᠬᠢ ᠣᠶᠢᠷ᠎ᠠ ᠬᠠᠷᠠᠭ᠎ᠠ ᠶᠢᠨ ᠳᠣᠬᠢᠶ᠎ᠠ ᠶᠢ ᠣᠯᠵᠤ ᠮᠡᠳᠡᠪᠡᠯ᠂ ᠭᠡᠷ ᠤᠨ ᠠᠬᠠᠮᠠᠳ ᠬᠡᠦᠬᠡᠳ ᠢᠶᠠᠨ | ᠳᠠᠭᠠᠭᠤᠯᠵᠤ ᠵᠢᠩᠬᠢᠨᠢ ᠡᠮᠨᠡᠯᠭᠡ ᠶᠢᠨ ᠬᠤᠷᠢᠶ᠎ᠠ ᠪᠤᠶᠤ ᠬᠠᠷᠠᠭᠠᠨ ᠤ ᠭᠡᠷᠡᠯ ᠤᠨ ᠪᠠᠶᠢᠭᠤᠯᠤᠮᠵᠢ ᠳᠤ ᠬᠦᠷᠴᠦ ᠨᠢᠳᠦᠨ ᠤ | ᠪᠠᠶᠢᠴᠠᠭᠠᠯᠲᠠ ᠬᠢᠯᠭᠡᠬᠦ ᠶᠢ ᠰᠠᠨᠠᠭᠤᠯᠤᠶ᠎ᠠ᠂ ᠡᠭᠦᠨ ᠳᠤ ᠭᠤᠣᠯᠳᠠᠭᠤ ᠬᠠᠷᠠᠭ᠎ᠠ᠂ ᠨᠢᠳᠦᠨ ᠢᠷᠣᠭᠠᠷ᠂ ᠨᠢᠳᠦᠨ | ᠲᠡᠩᠭᠡᠯᠢᠭ᠂ ᠭᠡᠷᠡᠯ ᠤᠨ ᠨᠤᠭᠤᠷᠠᠯᠲᠠ ᠶᠢᠨ ᠬᠡᠮᠵᠢᠶ᠎ᠡ ᠶᠢᠨ ᠲᠤᠭ᠎ᠠ ᠵᠡᠷᠭᠡ ᠶᠢ ᠪᠠᠭᠲᠠᠭᠠᠵᠤ᠂ ᠨᠢᠳᠦᠨ ᠬᠡᠰᠡᠭ ᠤᠨ | ᠡᠷᠬᠡᠲᠡᠨ ᠤ ᠮᠠᠬᠠᠪᠣᠳ ᠤᠨ ᠴᠢᠨᠠᠷᠲᠠᠶ ᠡᠪᠡᠳᠴᠢᠨ ᠤ ᠬᠤᠪᠢᠷᠠᠯᠲᠠ ᠪᠠ ᠬᠠᠭᠤᠷᠮᠠᠭ ᠣᠶᠢᠷ᠎ᠠ ᠬᠠᠷᠠᠭ᠎ᠠ ᠶᠢ ᠠᠷᠢᠯᠭᠠᠨ᠎ᠠ | ᠃ ᠬᠡᠦᠬᠡᠨ ᠬᠠᠷᠠᠭ᠎ᠠ ᠶᠢ ᠰᠠᠷᠨᠢᠭᠤᠯᠤᠨ ᠭᠡᠷᠡᠯ ᠤᠨ ᠪᠠᠶᠢᠴᠠᠭᠠᠯᠲᠠ ᠬᠢᠬᠦ ᠪᠣᠯ ᠨᠢᠭᠡ ᠵᠦᠢᠯ ᠤᠨ ᠣᠨᠣᠰᠢᠯᠠᠯᠲᠠ ᠶᠢᠨ | ᠴᠢᠨᠠᠷᠲᠠᠶ ᠪᠠᠶᠢᠴᠠᠭᠠᠯᠲᠠ ᠶᠢᠨ ᠠᠷᠭ᠎ᠠ ᠮᠥᠨ᠂ ᠲᠡᠷᠡ ᠨᠢ ᠬᠡᠦᠬᠡᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠳᠤ ᠮᠠᠰᠢ ᠴᠢᠬᠤᠯᠠ ᠦᠢᠯᠡᠳᠦᠯ ᠲᠠᠢ ᠶᠤᠮ᠃ | ᠬᠡᠦᠬᠡᠨ ᠬᠠᠷᠠᠭ᠎ᠠ ᠰᠠᠷᠨᠢᠭᠤᠯᠵᠤ ᠭᠡᠷᠡᠯ ᠰᠢᠯᠭᠠᠬᠤ᠄ ᠬᠡᠦᠬᠡᠳ ᠤᠨ ᠰᠣᠷᠮᠤᠤᠰᠤᠯᠢᠭ ᠪᠤᠯᠴᠢᠩ ᠤᠨ | ᠲᠣᠬᠢᠷᠠᠭᠤᠯᠬᠤ ᠴᠢᠳᠠᠪᠤᠷᠢ ᠨᠢ ᠮᠠᠰᠢ ᠴᠢᠩᠭ᠎ᠠ᠂ ᠬᠡᠷᠪᠡ ᠭᠡᠷᠡᠯ ᠰᠢᠯᠭᠠᠬᠤ ᠦᠶ᠎ᠡ ᠳᠤ ᠰᠣᠷᠮᠤᠤᠰᠤᠯᠢᠭ ᠪᠤᠯᠴᠢᠩ ᠤᠨ | ᠮᠢᠨᠴᠦᠭᠦᠷᠡᠭᠦᠯᠬᠦ ᠡᠮ ᠢ ᠬᠡᠷᠡᠭᠯᠡᠬᠦ ᠦᠭᠡᠶ᠂ ᠬᠡᠦᠬᠡᠳ ᠪᠠᠰᠠ ᠬᠠᠭᠤᠷᠮᠠᠭ ᠣᠶᠢᠷ᠎ᠠ ᠬᠠᠷᠠᠭ᠎ᠠ ᠶᠢᠨ ᠬᠤᠭᠤᠴᠠᠭᠠᠨ ᠳᠤ | ᠪᠠᠶᠢᠪᠠᠯ᠂ ᠭᠡᠷᠡᠯ ᠰᠢᠯᠭᠠᠭᠰᠠᠨ ᠦᠷ᠎ᠡ ᠳ᠋ᠦᠩ ᠳᠤ ᠬᠠᠭᠤᠷᠮᠠᠭ ᠣᠶᠢᠷ᠎ᠠ ᠬᠠᠷᠠᠭ᠎ᠠ ᠶᠢᠨ ᠭᠷᠠᠳᠦ᠋ᠰ ᠤᠨ ᠲᠤᠭ᠎ᠠ ᠶᠢ | ᠠᠭᠤᠯᠵᠤ᠂ ᠨᠢᠳᠦᠨ ᠰᠢᠯ ᠤᠨ ᠭᠷᠠᠳᠦ᠋ᠰ ᠤᠨ ᠲᠤᠭ᠎ᠠ ᠶᠢ ᠣᠨᠣᠪᠴᠢ ᠦᠭᠡᠶ ᠪᠣᠯᠭᠠᠵᠤ᠂ ᠭᠡᠷᠡᠯ ᠤᠨ | ᠨᠤᠭᠤᠷᠠᠯᠲᠠ ᠶᠢᠨ ᠪᠤᠶᠢᠵᠢᠯᠲᠠ ᠶᠢ ᠨᠥᠯᠥᠭᠡᠯᠡᠳᠡᠭ᠃ ᠬᠡᠦᠬᠡᠨ ᠬᠠᠷᠠᠭ᠎ᠠ ᠶᠢ ᠰᠠᠷᠨᠢᠭᠤᠯᠵᠤ ᠭᠡᠷᠡᠯ ᠤᠨ ᠪᠠᠶᠢᠴᠠᠭᠠᠯᠲᠠ | ᠬᠢᠬᠦ ᠨᠢ ᠰᠣᠷᠮᠤᠤᠰᠤᠯᠢᠭ ᠪᠤᠯᠴᠢᠩ ᠢ ᠰᠤᠯᠠᠷᠠᠭᠤᠯᠳᠠᠭ᠂ ᠡᠨᠡ ᠦᠶ᠎ᠡ ᠶᠢᠨ ᠭᠡᠷᠡᠯ ᠤᠨ ᠪᠠᠶᠢᠴᠠᠭᠠᠯᠲᠠ ᠶᠢᠨ ᠦᠷ᠎ᠡ | ᠳ᠋ᠦᠩ ᠨᠢ ᠨᠡᠩ ᠪᠤᠰᠤᠳᠴᠢ᠂ ᠨᠡᠩ ᠨᠠᠶᠢᠳᠠᠪᠤᠷᠢᠲᠠᠶ ᠪᠠᠶᠢᠳᠠᠭ᠃ | ᠵᠢᠩᠬᠢᠨᠢ ᠣᠶᠢᠷ᠎ᠠ ᠬᠠᠷᠠᠭ᠎ᠠ ᠪᠠᠷ ᠣᠨᠣᠰᠢᠯᠠᠬᠤ᠄ ᠬᠡᠦᠬᠡᠳ ᠢ ᠵᠢᠩᠬᠢᠨᠢ ᠣᠶᠢᠷ᠎ᠠ ᠬᠠᠷᠠᠭ᠎ᠠ ᠪᠠᠷ | ᠣᠨᠣᠰᠢᠯᠠᠬᠤ ᠳᠤ ᠬᠦᠷᠪᠡᠯ᠂ ᠨᠢᠳᠦᠨ ᠤ ᠰᠠᠯᠠᠭᠠᠨ ᠤ ᠡᠮᠴᠢ ᠲᠠᠢ ᠢᠳᠡᠪᠬᠢᠲᠡᠶ ᠬᠠᠮᠵᠢᠯᠴᠠᠨ ᠵᠠᠯᠠᠷᠠᠭᠤᠯᠬᠤ ᠶᠢᠨ | ᠬᠠᠮᠲᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠣᠶᠢᠷ᠎ᠠ ᠬᠠᠷᠠᠭ᠎ᠠ ᠪᠣᠯ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠨᠣᠴᠢᠲᠠᠶ ᠠᠰᠠᠭᠤᠳᠠᠯ ᠮᠥᠨ | ᠪᠣᠯᠬᠤᠷ ᠬᠤᠪᠢ ᠬᠥᠮᠦᠨ᠂ ᠬᠡᠷ ᠪᠦᠯᠢ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠲᠠᠯ᠎ᠠ ᠶᠢ ᠨᠢᠭᠡ | ᠴᠤᠭᠴᠠᠵᠢᠭᠤᠯᠤᠭᠰᠠᠨ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠪᠦᠷᠢᠯᠳᠦᠭᠦᠯᠵᠦ᠂ | ᠣᠶᠢᠷ᠎ᠠ ᠬᠠᠷᠠᠭ᠎ᠠ ᠶᠢᠨ ᠡᠭᠦᠰᠬᠦ ᠪᠠ ᠬᠥᠭᠵᠢᠬᠦ ᠶᠢ ᠪᠦᠲᠦᠮᠵᠢᠲᠡᠶ ᠬᠤᠷᠢᠭᠯᠠᠬᠤ ᠬᠡᠷᠡᠭᠲᠡᠶ᠃ | ᠬᠡᠷᠬᠢᠨ ᠬᠡᠦᠬᠡᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠬᠦ ᠪᠤᠢ︖ | ★ ᠡᠳᠦᠷ ᠪᠦᠷᠢ 2 ᠴᠠᠭ \ ᠭᠠᠷᠠᠭ ᠪᠦᠷᠢ 14 ᠴᠠᠭ ᠤᠨ ᠭᠡᠷ ᠤᠨ ᠭᠠᠳᠠᠨᠠᠬᠢ ᠠᠵᠢᠯᠯᠠᠭ᠎ᠠ ᠬᠢᠬᠦ᠄ | ᠣᠶᠢᠷ᠎ᠠ ᠬᠠᠷᠠᠭ᠎ᠠ ᠲᠠᠢ ᠡᠰᠡᠬᠦ ᠶᠢ ᠬᠠᠮᠢᠶᠠᠷᠤᠯ ᠦᠭᠡᠶ᠂ ᠬᠠᠮᠤᠭ ᠪᠦᠲᠦᠮᠵᠢᠲᠡᠶ ᠣᠶᠢᠷ᠎ᠠ ᠬᠠᠷᠠᠭ᠎ᠠ ᠶᠢ ᠤᠷᠢᠳᠴᠢᠯᠠᠨ | ᠰᠡᠷᠭᠡᠶᠢᠯᠡᠬᠦ ᠠᠷᠭ᠎ᠠ ᠪᠠᠷᠢᠯ ᠨᠢ ᠭᠡᠷ ᠤᠨ ᠭᠠᠳᠠᠨᠠᠬᠢ ᠠᠵᠢᠯᠯᠠᠭ᠎ᠠ ᠠᠴᠠ ᠢᠯᠡᠭᠦᠦ ᠪᠠᠶᠢᠵᠤ ᠪᠣᠯᠬᠤ ᠦᠭᠡᠶ᠂ ᠬᠠᠷᠢᠨ | ᠭᠡᠷ ᠤᠨ ᠭᠠᠳᠠᠨᠠᠬᠢ ᠠᠵᠢᠯᠯᠠᠭ᠎ᠠ ᠨᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠨᠢ ᠭᠡᠷᠡᠯ ᠤᠨ | ᠲᠤᠰᠤᠯᠲᠠ ᠪᠣᠯᠤᠨ᠎ᠠ᠃ ︽ᠨᠢᠳᠦ︾ ᠪᠠᠷ ᠨᠡᠷᠡᠨ ᠤ ᠭᠡᠷᠡᠯ ᠢ ᠤᠬᠢᠶᠠᠭᠰᠠᠨ ᠨᠢ ᠳᠠᠷᠤᠶ ᠡᠭᠦᠨ ᠤ ᠶᠣᠰᠣ ᠶᠤᠮ᠃ | ᠬᠠᠮᠤᠭ ᠰᠠᠶᠢᠨ ᠨᠢ ᠨᠡᠷᠡᠨ ᠤ ᠭᠡᠷᠡᠯ ᠭᠦᠢᠴᠡᠳ ᠪᠠᠶᠢᠬᠤ ᠦᠶ᠎ᠡ ᠳᠤ ᠭᠡᠷ ᠤᠨ ᠭᠠᠳᠠᠨ᠎ᠠ ᠬᠥᠳᠡᠯᠭᠡᠭᠡᠨ ᠬᠢᠵᠦ᠂ | ᠡᠳᠦᠷ ᠪᠦᠷᠢ ᠨᠡᠶᠢᠲᠡ 2 ᠴᠠᠭ ᠠᠵᠢᠯᠯᠠᠪᠠᠯ ᠣᠶᠢᠷ᠎ᠠ ᠬᠠᠷᠠᠭ᠎ᠠ ᠶᠢᠨ ᠡᠭᠦᠰᠬᠦ ᠪᠠ ᠬᠥᠭᠵᠢᠬᠦ ᠶᠢ ᠪᠦᠲᠦᠮᠵᠢᠲᠡᠶ | ᠰᠡᠷᠭᠡᠶᠢᠯᠡᠵᠦ ᠴᠢᠳᠠᠨ᠎ᠠ᠃ ᠨᠡᠷᠡᠨ ᠤ ᠭᠡᠷᠡᠯ ᠳᠣᠣᠷᠠᠬᠢ ᠭᠡᠷ ᠤᠨ ᠭᠠᠳᠠᠨᠠᠬᠢ ᠬᠥᠳᠡᠯᠭᠡᠭᠡᠨ ᠨᠢ ᠨᠢᠳᠦᠨ ᠤ ᠳᠤᠫᠠᠮᠢᠨ ᠤ | ᠠᠭᠤᠯᠤᠭᠳᠠᠴᠠ ᠶᠢ ᠳᠡᠭᠡᠭᠰᠢᠯᠡᠭᠦᠯᠵᠦ᠂ ᠰᠤᠳᠠᠯ ᠰᠦᠯᠪᠡᠭᠡᠨ ᠪᠦᠷᠬᠦᠪᠴᠢ ᠶᠢᠨ ᠵᠤᠵᠠᠭᠠᠨ ᠤ ᠬᠡᠮᠵᠢᠶ᠎ᠡ ᠶᠢ | ᠨᠡᠮᠡᠭᠳᠡᠭᠦᠯᠦᠨ᠂ ᠨᠢᠳᠦᠨ ᠤ ᠲᠡᠩᠭᠡᠯᠢᠭ ᠤᠨ ᠥᠰᠥᠯᠲᠡ ᠶᠢ ᠬᠤᠷᠢᠭᠯᠠᠵᠤ᠂ ᠣᠶᠢᠷ᠎ᠠ ᠬᠠᠷᠠᠭ᠎ᠠ ᠶᠢᠨ ᠬᠥᠭᠵᠢᠯᠲᠡ ᠶᠢ | ᠬᠢᠵᠠᠭᠠᠷᠯᠠᠨ᠎ᠠ᠃ | ᠡᠭᠦᠨ ᠠᠴᠠ ᠭᠠᠳᠠᠨ᠎ᠠ᠂ ᠨᠡᠷᠡᠨ ᠤ ᠭᠡᠷᠡᠯ ᠦᠭᠡᠢ ᠴᠦ ᠭᠡᠰᠡᠨ ᠭᠡᠷ ᠤᠨ ᠭᠠᠳᠠᠨᠠᠬᠢ ᠬᠥᠳᠡᠯᠭᠡᠭᠡᠨ ᠨᠢ | ᠬᠡᠦᠬᠡᠳ ᠤᠨ ᠨᠢᠳᠦ ᠶᠢ ᠭᠦᠢᠴᠡᠳ ᠲᠠᠯᠪᠢᠭᠤᠷᠠᠭᠤᠯᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠬᠦ ᠦᠢᠯᠡᠳᠦᠯ ᠲᠠᠢ | ᠪᠣᠯᠭᠠᠳᠠᠭ᠃ | ★ ᠨᠢᠳᠦ ᠬᠡᠷᠡᠭᠯᠡᠬᠦ ᠴᠠᠭ ᠪᠠ ᠵᠠᠶ ᠪᠠᠨ ᠡᠵᠡᠮᠳᠡᠬᠦ ᠬᠡᠷᠡᠭᠲᠡᠶ᠄ 3 ᠨᠠᠰᠤᠨ ᠠᠴᠠ ᠳᠣᠷᠣᠭᠰᠢᠬᠢ ᠬᠡᠦᠬᠡᠳ | ᠠᠯᠢ ᠴᠢᠳᠠᠬᠤ ᠪᠠᠷ ᠡᠯᠧᠺᠲᠷᠣᠨ ᠦᠢᠯᠡᠳᠬᠦᠨ ᠲᠠᠢ ᠣᠶᠢᠷᠠᠳᠬᠤ ᠦᠭᠡᠶ ᠪᠠᠶᠢᠬᠤ ᠬᠡᠷᠡᠭᠲᠡᠶ᠃ ᠡᠳᠦᠷ ᠪᠦᠷᠢ 2 | ᠴᠠᠭ ᠤᠨ ᠭᠠᠳᠠᠨ᠎ᠠ ᠬᠥᠳᠡᠯᠭᠡᠭᠡᠨ ᠬᠢᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ 3~6 ᠨᠠᠰᠤᠨ ᠤ ᠬᠡᠦᠬᠡᠳ ᠡᠳᠦᠷ | ᠪᠦᠷᠢ ᠡᠯᠧᠺᠳ᠋ᠷᠣᠨ ᠦᠢᠯᠡᠳᠬᠦᠨ ᠬᠡᠷᠡᠭᠯᠡᠬᠦ ᠳᠡᠭᠡᠨ 1 ᠴᠠᠭ ᠠᠴᠠ ᠬᠡᠲᠦᠷᠡᠵᠦ ᠪᠣᠯᠬᠤ ᠦᠭᠡᠢ᠂ ᠤᠳᠠᠭ᠎ᠠ ᠪᠦᠷᠢ 15 | ᠮᠢᠨᠦ᠋ᠲ ᠠᠴᠠ ᠬᠡᠲᠦᠷᠡᠵᠦ ᠪᠣᠯᠬᠤ ᠦᠭᠡᠢ᠃ | ᠬᠡᠷᠪᠡ ᠺᠠᠷᠲ᠋ᠣᠨ ᠺᠢᠨᠣ᠋ ᠦᠵᠡᠬᠦ ᠭᠡᠪᠡᠯ ᠬᠠᠮᠤᠭ ᠰᠠᠶᠢᠨ ᠨᠢ ᠲᠧᠯᠸᠢᠰ᠂ ᠲᠤᠰᠬᠠᠯᠲᠠ ᠶᠢᠨ ᠮᠠᠰᠢᠨ ᠵᠡᠷᠭᠡ ᠶᠢ | ᠬᠡᠷᠡᠭᠯᠡᠵᠦ᠂ ᠲᠣᠬᠢᠷᠠᠮᠵᠢᠲᠠᠶ ᠬᠠᠷᠠᠭᠠᠨ ᠳᠡᠯᠭᠡᠴᠡ ᠶᠢᠨ ᠵᠠᠶ ᠶᠢ ᠪᠠᠲᠤᠯᠠᠬᠤ ᠬᠡᠷᠡᠭᠲᠡᠶ᠃ ᠭᠠᠷ ᠤᠲᠠᠰᠤᠨ ᠤ | ᠳᠡᠯᠭᠡᠴᠡ ᠨᠢ ᠪᠠᠭ᠎ᠠ ᠪᠣᠯᠬᠤᠷ ᠠᠯᠢ ᠴᠢᠳᠠᠬᠤ ᠪᠠᠷ ᠬᠦᠷᠦᠯᠴᠡᠬᠦ ᠥᠬᠡᠶ ᠪᠠᠶᠢᠬᠤ ᠬᠡᠷᠡᠭᠲᠡᠶ᠃ | ᠲᠤᠰᠬᠠᠯᠲᠠ ᠶᠢᠨ ᠮᠠᠰᠢᠨ ᠢ ᠬᠡᠷᠡᠭᠯᠡᠬᠦ ᠳᠡᠭᠡᠨ ᠳᠡᠯᠭᠡᠴᠡ ᠶᠢᠨ ᠢᠯᠭᠠᠮᠵᠢ ᠶᠢ ᠠᠩᠬᠠᠷᠬᠤ ᠬᠡᠷᠡᠭᠲᠡᠶ᠃ | ᠬᠦᠴᠦᠨ ᠲᠠᠢ ᠬᠠᠷᠢᠴᠠᠭᠤᠯᠤᠯ ᠤᠨ ᠰᠣᠷᠭᠤᠭ ᠤᠨ ᠬᠡᠮᠵᠢᠶ᠎ᠡ ᠨᠢ ᠬᠡᠦᠬᠡᠳ ᠤᠨ ᠬᠠᠷᠠᠭ᠎ᠠ ᠶᠢ ᠤᠯᠠᠮ ᠲᠣᠳᠣ | ᠪᠣᠯᠭᠠᠬᠤ ᠶᠢᠨ ᠬᠠᠮᠲᠤ ᠶᠠᠳᠠᠷᠠᠭ᠎ᠠ ᠶᠢ ᠨᠢ ᠬᠥᠩᠭᠡᠷᠡᠭᠦᠯᠦᠨ᠎ᠡ᠃ ᠳᠡᠯᠭᠡᠴᠡ ᠶᠢᠨ ᠶᠡᠭᠡ ᠪᠠᠭ᠎ᠠ ᠨᠢ ᠬᠡᠳᠦᠶ ᠶᠡᠭᠡ ᠪᠣᠯ | ᠲᠡᠳᠦᠶ ᠰᠠᠶᠢᠨ ᠪᠢᠰᠢ᠂ ᠶᠡᠷᠦ ᠳᠡᠭᠡᠨ ᠳᠡᠯᠭᠡᠴᠡ ᠶᠢᠨ 3 ~ 4 ᠳᠠᠬᠢᠨ ᠤ ᠲᠠᠰᠢᠭᠤᠪᠴᠢ ᠱᠤᠭᠤᠮ ᠤᠨ ᠵᠠᠶ ᠶᠢ | ᠣᠯᠵᠤ ᠦᠵᠡᠬᠦ ᠶᠢ ᠪᠢᠳᠡ ᠰᠠᠨᠠᠭᠠᠴᠢᠯᠠᠳᠠᠭ᠃ ᠳᠡᠯᠭᠡᠴᠡ ᠶᠢᠨ ᠶᠡᠭᠡ ᠪᠠᠭ᠎ᠠ ᠨᠢ ᠬᠡᠳᠦᠶ ᠶᠡᠭᠡ ᠪᠣᠯ ᠲᠡᠳᠦᠶ ᠰᠠᠶᠢᠨ | ᠪᠢᠰᠢ᠂ ᠬᠠᠷᠢᠨ ᠳᠡᠯᠭᠡᠴᠡ ᠶᠢᠨ 3 ~ 4 ᠳᠠᠬᠢᠨ ᠤ ᠲᠠᠰᠢᠭᠤᠪᠴᠢ ᠶᠢᠨ ᠵᠠᠶ ᠶᠢ ᠣᠯᠵᠤ ᠦᠵᠡᠳᠡᠭ᠃ | ᠰᠠᠶᠢᠨ ᠰᠠᠶᠢᠬᠠᠨ ᠤᠩᠰᠢᠯᠭ᠎ᠠ ᠶᠢᠨ ᠣᠷᠴᠢᠨ ᠲᠣᠭᠤᠷᠢᠨ ᠢ ᠪᠣᠢ ᠪᠣᠯᠭᠠᠬᠤ ᠳᠤ᠂ ᠬᠠᠷᠠᠩᠭᠤᠶ ᠣᠷᠴᠢᠨ ᠳᠤ | ᠤᠷᠲᠤ ᠬᠤᠭᠤᠴᠠᠭ᠎ᠠ ᠪᠠᠷ᠂ ᠣᠶᠢᠷ᠎ᠠ ᠵᠠᠶ ᠠᠴᠠ ᠨᠢᠳᠦ ᠪᠠᠨ ᠬᠡᠷᠡᠭᠯᠡᠵᠦ ᠪᠣᠯᠬᠤ ᠦᠭᠡᠢ᠃ | ★ ︽20 . 20. 20︾ ᠶᠢᠨ ᠨᠢᠳᠦ ᠬᠠᠮᠠᠭᠠᠯᠠᠬᠤ ᠵᠠᠷᠴᠢᠮ ᠢ ᠵᠢᠷᠤᠮᠯᠠᠳᠠᠭ᠄ ᠣᠶᠢᠷ᠎ᠠ ᠵᠠᠶ | ᠪᠦᠷᠢ ᠳᠤ 20 ᠮᠢᠨᠦ᠋ᠲ ᠨᠢᠳᠦ ᠵᠠᠷᠤᠵᠤ᠂ 20 ᠹᠦᠲ ︵6 ᠮᠧᠲᠷ︶ ᠬᠤᠯᠠ ᠭᠠᠵᠠᠷ ᠢ ᠪᠠᠷᠠᠯᠠᠬᠤ ᠳᠤ ᠠᠳᠠᠭ | ᠪᠠᠭ᠎ᠠ ᠳᠠᠭᠠᠨ 20 ᠰᠧᠺᠦ᠋ᠨ᠋ᠳ᠋ ᠬᠡᠷᠡᠭᠰᠡᠨ᠎ᠡ᠃ ᠬᠡᠦᠬᠡᠳ ᠤᠨ ᠨᠢᠳᠦ ᠬᠡᠷᠡᠭᠯᠡᠬᠦ ᠪᠠᠶᠢᠳᠠᠯ ᠢ ᠦᠨᠳᠦᠰᠦᠯᠡᠪᠡᠯ᠂ ᠵᠠᠪᠠᠯ | 20 ᠰᠧᠺᠦ᠋ᠨ᠋ᠳ᠋ ᠲᠤ ᠪᠠᠷᠢᠭᠳᠠᠬᠤ ᠪᠢᠰᠢ᠂ ᠬᠠᠷᠢᠨ ᠠᠯᠤᠰ ᠢ ᠪᠠᠷᠠᠯᠠᠬᠤ ᠴᠠᠭ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ | ᠪᠣᠯᠤᠨ᠎ᠠ᠃ | ★ ᠵᠥᠪ ᠣᠨᠣᠪᠴᠢᠲᠠᠶ ᠤᠩᠰᠢᠵᠤ ᠪᠢᠴᠢᠬᠦ ᠳᠦᠷᠢ ᠪᠠᠶᠢᠳᠠᠯ ᠲᠠᠢ ᠪᠠᠶᠢᠬᠤ ᠬᠡᠷᠡᠭᠲᠡᠶ᠄ ᠵᠥᠪ ᠣᠨᠣᠪᠴᠢᠲᠠᠶ | ᠤᠩᠰᠢᠵᠤ ᠪᠢᠴᠢᠬᠦ ᠳᠦᠷᠢ ᠪᠠᠶᠢᠳᠠᠯ ᠨᠢ ᠲᠦᠢᠯ ᠤᠨ ᠴᠢᠬᠤᠯᠠ ᠪᠠᠶᠢᠳᠠᠭ᠃ ᠬᠡᠦᠬᠡᠳ ᠢ 3 ︽ᠨᠢᠭᠡ︾ | ᠪᠣᠯᠭᠠᠬᠤ ᠶᠢ ᠱᠠᠭᠠᠷᠳᠠᠨ᠎ᠠ᠄ ᠨᠢᠳᠦ ᠶᠢ ᠨᠢ ᠨᠣᠮ ᠳᠡᠪᠲᠡᠷ ᠠᠴᠠ ᠨᠢᠭᠡ ᠲᠣᠬᠤᠢ ᠵᠠᠶᠢᠲᠠᠢ᠂ ᠴᠡᠭᠡᠵᠢ ᠶᠢ ᠨᠢ | ᠰᠢᠷᠡᠭᠡᠨ ᠠᠴᠠ ᠨᠢᠭᠡ ᠨᠢᠳᠤᠷᠭ᠎ᠠ ︵6~8 ᠰᠠᠨᠲ᠋ᠢᠮᠧᠳ᠋ᠷ︶᠂ ᠭᠠᠷ ᠤᠨ ᠬᠤᠷᠤᠭᠤ ᠶᠢ ᠨᠢ ᠪᠢᠷ ᠤᠨ ᠦᠵᠦᠭᠦᠷ ᠠᠴᠠ | ᠨᠢᠭᠡ ᠢᠮᠠᠬᠤ ᠵᠠᠶᠢᠲᠠᠢ ᠪᠠᠶᠢᠯᠭᠠᠨ᠎ᠠ ︵ᠪᠠᠷᠤᠭ 3 ᠰᠠᠨᠲ᠋ᠢᠮᠧᠳ᠋ᠷ︶᠃ ᠬᠡᠪᠲᠡᠬᠦ᠂ ᠬᠠᠵᠠᠭᠤᠯᠠᠨ ᠬᠡᠪᠲᠡᠬᠦ ᠪᠤᠶᠤ | ᠰᠢᠯᠵᠢᠮᠡᠯ ᠸᠠᠭᠤᠨ ᠳᠤ ᠨᠣᠮ ᠦᠵᠡᠵᠦ᠂ ᠭᠠᠷ ᠤᠲᠠᠰᠤ ᠦᠵᠡᠵᠦ ᠪᠣᠯᠬᠤ ᠥᠬᠡᠶ᠃ | ★ ᠵᠦᠶ ᠵᠣᠬᠢᠰᠲᠠᠶ ᠢᠳᠡᠵᠦ ᠤᠤᠭᠤᠬᠤ ᠪᠠ ᠭᠦᠢᠴᠡᠳ ᠤᠨᠲᠠᠬᠤ᠄ ᠶᠠᠭ ᠰᠠᠶᠢᠬᠠᠨ ᠦᠰᠦᠨ ᠪᠤᠶᠢᠵᠢᠵᠤ | ᠪᠠᠶᠢᠭ᠎ᠠ ᠬᠡᠦᠬᠡᠳ ᠲᠤ ᠠᠪᠴᠤ ᠬᠡᠯᠡᠪᠡᠯ᠂ ᠢᠳᠡᠭᠡᠨ ᠤᠮᠳᠠᠭᠠᠨ ᠢᠶᠠᠨ ᠲᠡᠩᠴᠡᠭᠦᠷᠢᠲᠡᠶ ᠪᠠᠶᠢᠯᠭᠠᠬᠤ ᠪᠠ ᠭᠦᠢᠴᠡᠳ | ᠤᠨᠲᠠᠬᠤ ᠶᠢ ᠪᠠᠲᠤᠯᠠᠬᠤ ᠨᠢ ᠪᠦᠷ ᠡᠷᠡᠭᠦᠯ ᠴᠢᠭᠢᠷᠠᠭ ᠢᠶᠠᠷ ᠦᠰᠦᠨ ᠪᠤᠶᠢᠵᠢᠬᠤ ᠶᠢᠨ ᠰᠠᠭᠤᠷᠢ ᠪᠣᠯᠤᠨ᠎ᠠ᠃ ᠨᠦᠢᠷ | ᠬᠦᠷᠦᠯᠴᠡᠬᠦ ᠦᠭᠡᠢ ᠪᠣᠯ ᠳᠣᠲᠣᠭᠠᠳᠤ ᠰᠢᠭᠦᠷᠡᠯᠲᠡ᠂ ᠮᠡᠳᠡᠷᠡᠯ᠂ ᠡᠭᠡᠯᠢᠯᠡᠭᠡ ᠵᠡᠷᠭᠡ ᠠᠳᠠᠯᠢ ᠪᠤᠰᠤ ᠠᠷᠭ᠎ᠠ ᠵᠠᠮ ᠢᠶᠠᠷ | ᠨᠢᠳᠦ ᠶᠢ ᠨᠥᠯᠥᠭᠡᠯᠡᠵᠦ᠂ ᠡᠭᠦᠨ ᠤ ᠤᠯᠠᠮ ᠠᠴᠠ ᠨᠢᠳᠦᠨ ᠤ ᠲᠠᠭᠠᠯᠠᠮᠵᠢᠲᠠᠶ ᠬᠡᠮᠵᠢᠶ᠎ᠡ ᠶᠢ ᠪᠠᠭᠤᠷᠠᠭᠤᠯᠵᠤ᠂ | ᠬᠡᠦᠬᠡᠳ ᠤᠨ ᠬᠠᠷᠠᠭ᠎ᠠ ᠶᠢ ᠮᠠᠭᠤᠳᠠᠭᠤᠯᠵᠤ ᠮᠡᠳᠡᠨ᠎ᠡ᠃ ᠡᠶᠢᠮᠦ ᠠᠴᠠ ᠬᠡᠦᠬᠡᠳ ᠲᠤ ᠭᠦᠢᠴᠡᠳ ᠰᠢᠮ᠎ᠡ ᠲᠡᠵᠢᠭᠡᠯ | ᠣᠯᠭᠤᠬᠤ ᠶᠢᠨ ᠬᠠᠮᠲᠤ ᠭᠦᠢᠴᠡᠳ ᠤᠨᠲᠠᠵᠤ ᠠᠮᠠᠷᠠᠬᠤ ᠶᠢ ᠪᠠᠲᠤᠯᠠᠬᠤ ᠨᠢ ᠴᠦ ᠠᠳᠠᠯᠢᠬᠠᠨ ᠴᠢᠬᠤᠯᠠ ᠪᠠᠶᠢᠳᠠᠭ᠃ | | ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |