ᠡᠳᠡᠭᠡᠷ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠭᠡᠷ ᠤᠨ ᠠᠬᠠᠮᠠᠳ ᠡᠷᠲᠡ ᠮᠡᠳᠡᠪᠡᠯ ᠲᠠᠭᠠᠷᠠᠨ᠎ᠠ
ᠨᠡᠶᠢᠲᠡᠯᠡᠭᠰᠡᠨ ᠴᠠᠭ᠄
2023/2/13
     ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠡᠬᠢᠯᠡᠯᠲᠡ᠂ ᠰᠢᠨ᠎ᠡ ᠠᠭᠤᠷ ᠠᠮᠢᠰᠬᠤᠯ︕ ᠰᠤᠷᠤᠭᠴᠢᠳ ᠤᠨ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠳᠤ ︽ᠬᠠᠷᠠᠬᠤ︾ ᠶᠢᠨ ᠴᠢᠬᠤᠯᠠ ᠶᠡᠭᠡ ᠪᠣᠭᠤᠮᠲᠠ ᠶᠢ ᠡᠷᠬᠡᠪᠰᠢ ︽ᠬᠠᠷᠠᠬᠤ︾ ᠶᠢ ᠴᠢᠬᠤᠯᠠᠴᠢᠯᠠᠬᠤ ᠬᠡᠷᠡᠭᠲᠡᠶ᠃ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠨᠢ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠪᠠᠭ᠎ᠠ ᠮᠡᠳᠡᠯᠭᠡ ᠠᠴᠠ ᠡᠬᠢᠯᠡᠳᠡᠭ᠃      ᠣᠶᠢᠷ᠎ᠠ ᠬᠠᠷᠠᠭ᠎ᠠ ᠭᠡᠳᠡᠭ ᠨᠢ ᠨᠢᠳᠦ ᠶᠢ ᠲᠣᠬᠢᠷᠠᠭᠤᠯᠵᠤ ᠰᠤᠯᠠᠳᠬᠠᠬᠤ ᠪᠠᠶᠢᠳᠠᠯ ᠳᠣᠣᠷ᠎ᠠ᠂ ᠵᠡᠷᠭᠡᠴᠡᠭᠡ ᠭᠡᠷᠡᠯ ᠤᠨ ᠱᠤᠭᠤᠮ ᠨᠢᠳᠦᠨ ᠤ ᠴᠡᠴᠡᠭᠡᠶ ᠶᠢᠨ ᠭᠡᠷᠡᠯ ᠤᠨ ᠨᠤᠭᠤᠷᠠᠯᠲᠠ ᠶᠢᠨ ᠰᠢᠰᠲ᠋ᠧᠮ ᠢᠶᠠᠷ ᠳᠠᠮᠵᠢᠭᠰᠠᠨ ᠤ ᠳᠠᠷᠠᠭ᠎ᠠ ᠨᠢᠳᠦᠨ ᠤ ᠲᠣᠣᠷᠯᠢᠭ ᠪᠦᠷᠬᠦᠪᠴᠢ ᠶᠢᠨ ᠡᠮᠦᠨ᠎ᠡ ᠲᠥᠪᠯᠡᠷᠡᠬᠦ ᠶᠢ ᠵᠢᠭᠠᠵᠤ ᠪᠠᠶᠢᠨ᠎ᠠ᠃      ᠡᠩ ᠤᠨ ᠪᠠᠶᠢᠳᠠᠯ ᠢᠶᠠᠷ ᠬᠡᠯᠡᠪᠡᠯ᠂ ᠪᠢᠳᠡ ᠨᠢᠳᠦᠨ ᠴᠡᠴᠡᠭᠡᠶ ᠶᠢ ᠨᠢᠭᠡᠨ ᠭᠡᠷᠡᠯ ᠵᠢᠷᠤᠭ ᠤᠨ ᠮᠠᠰᠢᠨ ᠢᠶᠠᠷ ᠵᠦᠢᠷᠯᠡᠵᠦ ᠪᠣᠯᠤᠨ᠎ᠠ᠂ ᠨᠢᠳᠦᠨ ᠤ ᠭᠡᠷᠡᠯ ᠤᠨ ᠨᠤᠭᠤᠷᠠᠯᠲᠠ ᠶᠢᠨ ᠰᠢᠰᠲ᠋ᠧᠮ ᠪᠣᠯ ᠳᠠᠷᠤᠶ ︽ᠯᠤᠨ᠋ᠰ︾ ᠪᠣᠯᠤᠨ᠎ᠠ᠂ ᠡᠨᠡ ᠨᠢ ᠲᠥᠪᠯᠡᠷᠡᠯ ᠲᠣᠬᠢᠷᠠᠭᠤᠯᠬᠤ ᠰᠢᠰᠲ᠋ᠧᠮ ᠲᠠᠢ ᠲᠡᠩᠴᠡᠨ᠎ᠡ᠂ ᠨᠢᠳᠦᠨ ᠢᠷᠣᠭᠠᠷ ᠤᠨ ᠬᠠᠷᠠᠭᠠᠨ ᠲᠣᠣᠷᠯᠢᠭ ᠪᠦᠷᠬᠦᠪᠴᠢ ᠨᠢ ᠭᠡᠷᠡᠯ ᠵᠢᠷᠤᠭ ᠤᠨ ᠮᠠᠰᠢᠨ ᠤ ᠡᠬᠡ ᠹᠢᠯᠢᠮ ᠲᠠᠢ ᠲᠡᠩᠴᠡᠨ᠎ᠡ᠃ ᠣᠶᠢᠷ᠎ᠠ ᠬᠠᠷᠠᠭ᠎ᠠ ᠲᠠᠢ ᠪᠣᠯᠬᠤ ᠦᠶ᠎ᠡ ᠳᠤ᠂ ᠭᠡᠷᠡᠯ ᠵᠢᠷᠤᠭ ᠤᠨ ᠮᠠᠰᠢᠨ ᠤ ᠰᠡᠭᠦᠳᠡᠷᠯᠡᠭᠰᠡᠨ ᠠᠯᠤᠰ ᠤᠨ ᠦᠵᠡᠮᠵᠢ ᠶᠢ ᠭᠡᠷᠡᠯ ᠵᠢᠷᠤᠭ ᠤᠨ ᠮᠠᠰᠢᠨ ᠤ ᠲᠣᠳᠣᠷᠬᠠᠶ ᠢᠯᠡᠷᠡᠭᠦᠯᠵᠦ ᠴᠢᠳᠠᠬᠤ ᠤᠢᠭᠡᠢ ᠪᠤᠯᠵᠦ᠂ ᠶᠠᠭ ᠯᠠ ᠬᠤᠯᠠ ᠶᠢᠨ ᠶᠠᠭᠤᠮ᠎ᠠ ᠶᠢ ᠲᠣᠳᠣᠷᠬᠠᠶ ᠣᠯᠵᠤ ᠦᠵᠡᠬᠦ ᠤᠢᠭᠡᠢ ᠪᠠᠶᠢᠳᠠᠭ᠃      ᠶᠠᠮᠠᠷ ᠶᠠᠮᠠᠷ ᠳᠣᠬᠢᠶ᠎ᠠ ᠭᠠᠷᠪᠠᠯ ᠣᠶᠢᠷ᠎ᠠ ᠬᠠᠷᠠᠭ᠎ᠠ ᠠᠴᠠ ᠰᠡᠷᠡᠮᠵᠢᠯᠡᠬᠦ ᠬᠡᠷᠡᠭᠲᠡᠢ ᠪᠣᠢ ︖      1. ᠶᠠᠭᠤᠮ᠎ᠠ ᠦᠵᠡᠬᠦ ᠨᠢ ᠣᠶᠢᠷᠠᠯᠴᠠᠭ᠎ᠠ ᠪᠣᠯᠬᠤ᠄ ᠬᠡᠦᠬᠡᠳ ᠶᠠᠭᠤᠮ᠎ᠠ ᠦᠵᠡᠬᠦ ᠳᠡᠭᠡᠨ ᠣᠶᠢᠷᠠᠯᠴᠠᠭ᠎ᠠ ᠪᠠᠶᠢᠳᠠᠭ᠂ ᠵᠢᠱᠢᠶᠡᠯᠡᠪᠡᠯ᠂ ᠲᠧᠯᠸᠢᠰ ᠦᠵᠡᠬᠦ᠂ ᠨᠣᠮ ᠤᠩᠰᠢᠬᠤ ᠪᠤᠶᠤ ᠡᠯᠧᠺᠳ᠋ᠷᠣᠨ ᠪᠦᠲᠦᠭᠡᠭᠳᠡᠬᠦᠨ ᠢᠶᠠᠷ ᠨᠠᠭᠠᠳᠬᠤ ᠦᠶ᠎ᠡ ᠳᠤ ᠨᠢᠳᠦᠨ ᠤ ᠵᠠᠶ ᠨᠢ ᠣᠶᠢᠷᠠᠯᠴᠠᠭ᠎ᠠ ᠪᠣᠯᠵᠤ᠂ ᠳᠠᠰᠬᠠᠯ ᠬᠢᠬᠦ ᠳᠡᠭᠡᠨ ᠨᠢᠷᠤᠭᠤ ᠪᠥᠬᠦ᠋ᠢᠬᠦ ᠵᠡᠷᠭᠡ᠃      ᠡᠩ ᠤᠨ ᠵᠠᠶ ᠳᠤ ᠲᠣᠳᠣᠷᠬᠠᠶ ᠣᠯᠵᠤ ᠬᠠᠷᠠᠬᠤ ᠦᠭᠡᠢ᠂ ᠡᠷᠬᠡᠪᠰᠢ ᠨᠢᠳᠦ ᠪᠣᠯᠤᠨ ᠪᠡᠶ᠎ᠡ ᠶᠢᠨ ᠵᠠᠶ ᠶᠢ ᠣᠶᠢᠷᠠᠲᠤᠭᠤᠯᠪᠠᠯ ᠰᠠᠶ᠋ᠢ ᠲᠣᠳᠣᠷᠬᠠᠶ ᠣᠯᠵᠤ ᠬᠠᠷᠠᠨ᠎ᠠ᠂ ᠳᠡᠯᠭᠡᠴᠡ ᠳᠤ ᠣᠶᠢᠷᠠᠲᠤᠭᠤᠯᠬᠤ ᠳᠤᠷᠠᠲᠠᠶ ᠪᠠᠶᠢᠳᠠᠭ᠃ ᠨᠢᠳᠦ ᠵᠣᠬᠢᠴᠠᠭᠤᠯᠭ᠎ᠠ ᠬᠡᠪ ᠤᠨ ᠪᠤᠰᠤ᠂ ᠪᠠᠴᠢᠮᠳᠠᠨ ᠵᠠᠭᠤᠷᠠᠬᠤ ᠪᠠᠶᠢᠳᠠᠯ ᠳᠤ ᠣᠷᠣᠰᠢᠵᠤ᠂ ᠬᠤᠯᠠ ᠶᠢ ᠬᠠᠷᠠᠵᠤ ᠲᠣᠳᠣ ᠦᠭᠡᠢ ᠪᠣᠯᠵᠤ᠂ ᠨᠢᠭᠡ ᠲᠠᠯ᠎ᠠ ᠪᠠᠷ ᠬᠠᠭᠤᠷᠮᠠᠭ ᠣᠶᠢᠷ᠎ᠠ ᠬᠠᠷᠠᠭ᠎ᠠ ᠲᠠᠢ ᠪᠣᠯᠵᠤ᠂ ᠨᠥᠭᠦᠭᠡ ᠲᠠᠯ᠎ᠠ ᠪᠠᠷ ᠨᠡᠩ ᠠᠮᠠᠷᠬᠠᠨ ᠬᠠᠷᠠᠭᠠᠨ ᠤ ᠶᠠᠳᠠᠷᠠᠯ ᠢ ᠡᠭᠦᠰᠭᠡᠵᠦ᠂ ᠵᠢᠩᠬᠢᠨᠢ ᠣᠶᠢᠷ᠎ᠠ ᠬᠠᠷᠠᠭ᠎ᠠ ᠶᠢᠨ ᠪᠦᠷᠢᠯᠳᠦᠬᠦ ᠪᠠ ᠠᠬᠢᠬᠤ ᠶᠢ ᠲᠦᠷᠭᠡᠳᠬᠡᠨ᠎ᠡ᠃      2. ᠨᠢᠳᠦ ᠪᠠᠨ ᠠᠨᠢᠬᠤ᠂ ᠬᠥᠮᠥᠰᠬᠡ ᠪᠠᠨ ᠠᠲᠤᠷᠢᠭᠤᠯᠬᠤ᠂ ᠲᠣᠯᠣᠭᠠᠶ ᠪᠠᠨ ᠳᠠᠯᠵᠢᠶ᠋ᠯᠭᠠᠬᠤ᠂ ᠲᠣᠯᠣᠭᠠᠶ ᠪᠠᠨ ᠳᠡᠭᠡᠭᠰᠢ ᠬᠠᠷᠠᠨ ᠶᠠᠭᠤᠮ᠎ᠠ ᠦᠵᠡᠬᠦ ᠳᠤᠷᠠᠲᠠᠶ᠄ ᠬᠡᠦᠬᠡᠳ ᠤᠨ ᠨᠢᠳᠦ ᠪᠠᠨ ᠠᠨᠢᠬᠤ ᠪᠠ ᠬᠥᠮᠥᠰᠬᠡ ᠪᠠᠨ ᠠᠲᠤᠷᠢᠭᠤᠯᠬᠤ ᠵᠢᠴᠢ ᠨᠢᠳᠦᠨ ᠪᠤᠯᠤᠩ ᠢᠶᠠᠨ ᠲᠠᠲᠠᠬᠤ ᠵᠡᠷᠭᠡ ᠵᠢᠵᠢᠭ ᠬᠥᠳᠡᠯᠭᠡᠭᠡᠨ ᠨᠢ ᠠᠨᠢᠰᠬ᠎ᠠ ᠶᠢᠨ ᠬᠡᠰᠡᠭ ᠬᠡᠦᠬᠡᠨ ᠬᠠᠷᠠᠭ᠎ᠠ ᠶᠢ ᠬᠠᠯᠬᠠᠯᠠᠵᠤ᠂ ᠭᠡᠷᠡᠯ ᠢ ᠪᠠᠭ᠎ᠠ ᠰᠠᠷᠨᠢᠭᠤᠯᠵᠤ᠂ ᠬᠠᠷᠠᠭ᠎ᠠ ᠶᠢ ᠰᠠᠶᠢᠵᠢᠷᠠᠭᠤᠯᠤᠨ᠎ᠠ᠃ ᠨᠢᠳᠦᠨ ᠤ ᠪᠤᠯᠤᠩ ᠢ ᠲᠠᠲᠠᠬᠤ ᠨᠢ ᠪᠠᠰᠠ ᠡᠪᠡᠷᠯᠢᠭ ᠪᠦᠷᠬᠦᠪᠴᠢ ᠶᠢ ᠳᠠᠷᠤᠵᠤ ᠭᠡᠷᠡᠯ ᠤᠨ ᠨᠤᠭᠤᠷᠠᠯᠲᠠ ᠶᠢᠨ ᠬᠦᠴᠦ ᠶᠢ ᠥᠭᠡᠷᠡᠴᠢᠯᠡᠨ᠎ᠡ᠃ ᠡᠳᠡᠭᠡᠷ ᠨᠢ ᠪᠦᠷ ᠣᠶᠢᠷ᠎ᠠ ᠬᠠᠷᠠᠭ᠎ᠠ ᠲᠠᠢ ᠬᠡᠦᠬᠡᠳ ᠤᠨ ᠬᠠᠷᠠᠭ᠎ᠠ ᠶᠢ ᠣᠬᠤᠷᠬᠠᠨ ᠬᠤᠭᠤᠴᠠᠭᠠᠨ ᠳᠤ ᠳᠡᠭᠡᠭᠰᠢᠯᠡᠭᠦᠯᠵᠦ ᠪᠣᠯᠤᠨ᠎ᠠ᠃ ᠡᠭᠦᠨ ᠲᠠᠢ ᠠᠳᠠᠯᠢ ᠪᠠᠷ᠂ ᠲᠣᠯᠣᠭᠠᠶ ᠪᠠᠨ ᠳᠠᠯᠵᠢᠶ᠋ᠯᠭᠠᠬᠤ᠂ ᠲᠣᠯᠣᠭᠠᠶ ᠪᠠᠨ ᠭᠡᠳᠡᠶᠢᠯᠭᠡᠬᠦ ᠨᠢ ᠬᠡᠦᠬᠡᠳ ᠤᠨ ᠶᠠᠭᠤᠮ᠎ᠠ ᠦᠵᠡᠬᠦ ᠭᠡᠷᠡᠯ ᠤᠨ ᠨᠤᠭᠤᠷᠠᠯᠲᠠ ᠶᠢᠨ ᠪᠠᠶᠢᠳᠠᠯ ᠢ ᠵᠣᠬᠢᠬᠤ ᠬᠡᠮᠵᠢᠶ᠎ᠡ ᠪᠠᠷ ᠬᠤᠪᠢᠷᠠᠭᠤᠯᠬᠤ ᠶᠢᠨ ᠤᠯᠠᠮ ᠠᠴᠠ ᠨᠡᠩ ᠲᠣᠳᠣᠷᠬᠠᠶ ᠣᠯᠵᠤ ᠬᠠᠷᠠᠳᠠᠭ᠃      3. ᠦᠷᠭᠦᠯᠵᠢ ᠨᠢᠳᠦ ᠪᠠᠨ ᠨᠤᠬᠤᠯᠠᠬᠤ᠂ ᠪᠠᠶᠢᠨ ᠳᠠᠬᠢᠨ ᠠᠨᠢᠪᠴᠢᠬᠤ᠄ ᠵᠠᠷᠢᠮ ᠬᠡᠦᠬᠡᠳ ᠣᠶᠢᠷ᠎ᠠ ᠬᠠᠷᠠᠭ᠎ᠠ ᠠᠴᠠ ᠶᠠᠭᠤᠮ᠎ᠠ ᠶᠢ ᠲᠣᠳᠣᠷᠬᠠᠶ ᠣᠯᠵᠤ ᠦᠵᠡᠬᠦ ᠦᠭᠡᠢ ᠠᠴᠠ ᠪᠣᠯᠵᠤ ᠨᠢᠳᠦᠨ ᠳᠤ ᠡᠪ ᠦᠭᠡᠢ ᠪᠣᠯᠵᠤ᠂ ᠪᠠᠰᠠ ᠨᠢᠳᠦ ᠪᠠᠨ ᠬᠡᠲᠦᠷᠡᠲᠡᠯ᠎ᠡ ᠬᠡᠷᠡᠭᠯᠡᠪᠡᠯ ᠨᠢᠳᠦᠨ ᠤ ᠶᠠᠳᠠᠷᠠᠯ ᠢ ᠡᠭᠦᠰᠭᠡᠳᠡᠭ᠂ ᠡᠳᠡᠭᠡᠷ ᠨᠢ ᠪᠦᠷ ᠬᠡᠦᠬᠡᠳ ᠢ ᠭᠠᠷ ᠢᠶᠠᠷ ᠢᠶᠠᠨ ᠳᠠᠬᠢᠨ ᠳᠠᠪᠲᠠᠨ ᠨᠢᠳᠦ ᠪᠠᠨ ᠨᠤᠬᠤᠯᠠᠬᠤ ᠳᠤ ᠬᠦᠷᠦᠭᠦᠯᠳᠡᠭ᠃ ᠪᠠᠶᠢᠨ ᠳᠠᠬᠢᠨ ᠨᠢᠳᠦ ᠪᠠᠨ ᠨᠤᠬᠤᠯᠠᠬᠤ ᠨᠢ ᠬᠡᠦᠬᠡᠳ ᠤᠨ ᠣᠶᠢᠷ᠎ᠠ ᠬᠠᠷᠠᠭ᠎ᠠ ᠪᠠ ᠬᠠᠷᠠᠭ᠎ᠠ ᠶᠢᠨ ᠰᠠᠷᠨᠢᠯᠲᠠ ᠶᠢ ᠬᠦᠨᠳᠦᠷᠡᠭᠦᠯᠵᠦ ᠮᠡᠳᠡᠨ᠎ᠡ᠃      4. ᠪᠤᠰᠤᠳ ᠦᠢᠯᠡ ᠠᠵᠢᠯᠯᠠᠭ᠎ᠠ ᠨᠢ ᠬᠡᠪ ᠤᠨ ᠪᠤᠰᠤ᠄ ᠬᠡᠦᠬᠡᠳ ᠳᠠᠰᠬᠠᠯ ᠬᠢᠬᠦ ᠳᠡᠭᠡᠨ ᠦᠰᠦᠭ ᠢ ᠨᠢ ᠵᠢᠭᠳᠡ ᠬᠠᠭᠤᠯᠬᠤ ᠦᠭᠡᠢ ᠪᠤᠶᠤ ᠠᠭᠤᠷ ᠠᠭᠠᠰᠢ ᠨᠢ ᠬᠡᠳᠡᠷ ᠳᠣᠭᠰᠢᠨ ᠪᠣᠯᠵᠤ᠂ ᠴᠢᠨᠠᠭᠰᠢᠯᠠᠪᠠᠯ ᠰᠤᠷᠬᠤ ᠳᠤᠷ᠎ᠠ ᠦᠭᠡᠢ ᠪᠣᠯᠤᠭᠰᠠᠨ︔ ᠬᠥᠮᠦᠨ ᠲᠠᠢ ᠮᠡᠨᠳᠦᠴᠢᠯᠡᠬᠦ ᠳᠤᠷ᠎ᠠ ᠥᠬᠡᠶ ᠪᠣᠯᠵᠣ᠂ ᠠᠮᠠᠷᠬᠠᠨ ᠪᠠᠴᠢᠮᠳᠠᠨ ᠰᠠᠨᠳᠤᠷᠳᠠᠭ︔ ᠪᠢᠴᠢᠬᠠᠨ ᠨᠠᠶᠢᠵᠠ ᠯᠤᠭ᠎ᠠ ᠶᠢᠨ ᠬᠠᠷᠢᠴᠠᠭ᠎ᠠ ᠡᠪ ᠦᠭᠡᠢ ᠪᠣᠯᠵᠠᠶ︔ ᠭᠡᠬᠦ ᠮᠡᠲᠦ᠃ ᠡᠳᠡᠭᠡᠷ ᠬᠤᠪᠢᠷᠠᠯᠲᠠ ᠨᠢ ᠪᠦᠷ ᠣᠶᠢᠷ᠎ᠠ ᠬᠠᠷᠠᠭ᠎ᠠ ᠲᠠᠢ ᠪᠣᠯᠬᠤ ᠶᠢᠨ ᠰᠡᠷᠡᠮᠵᠢ ᠶᠢᠨ ᠳᠣᠬᠢᠶ᠎ᠠ ᠪᠠᠶᠢᠵᠤ ᠮᠡᠳᠡᠨ᠎ᠡ᠃ ᠬᠡᠦᠬᠡᠳ ᠶᠠᠭᠤᠮ᠎ᠠ ᠶᠢ ᠲᠣᠳᠣ ᠬᠠᠷᠠᠵᠤ ᠴᠢᠳᠠᠬᠤ ᠦᠭᠡᠢ ᠦᠶ᠎ᠡ ᠳᠤ ᠪᠠᠴᠢᠮᠳᠠᠨ ᠰᠠᠨᠳᠤᠷᠬᠤ ᠪᠠᠶᠢᠳᠠᠯ ᠭᠠᠷᠴᠤ ᠮᠡᠳᠡᠨ᠎ᠡ᠃      ᠳᠡᠭᠡᠷᠡᠬᠢ ᠣᠶᠢᠷ᠎ᠠ ᠬᠠᠷᠠᠭ᠎ᠠ ᠶᠢᠨ ᠳᠣᠬᠢᠶ᠎ᠠ ᠶᠢ ᠣᠯᠵᠤ ᠮᠡᠳᠡᠪᠡᠯ᠂ ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠵᠤ ᠵᠢᠩᠬᠢᠨᠢ ᠡᠮᠨᠡᠯᠭᠡ ᠶᠢᠨ ᠬᠤᠷᠢᠶ᠎ᠠ ᠪᠤᠶᠤ ᠬᠠᠷᠠᠭᠠᠨ ᠤ ᠭᠡᠷᠡᠯ ᠤᠨ ᠪᠠᠶᠢᠭᠤᠯᠤᠮᠵᠢ ᠳᠤ ᠬᠦᠷᠴᠦ ᠨᠢᠳᠦᠨ ᠤ ᠪᠠᠶᠢᠴᠠᠭᠠᠯᠲᠠ ᠬᠢᠯᠭᠡᠬᠦ ᠶᠢ ᠰᠠᠨᠠᠭᠤᠯᠤᠶ᠎ᠠ᠂ ᠡᠭᠦᠨ ᠳᠤ ᠭᠤᠣᠯᠳᠠᠭᠤ ᠬᠠᠷᠠᠭ᠎ᠠ᠂ ᠨᠢᠳᠦᠨ ᠢᠷᠣᠭᠠᠷ᠂ ᠨᠢᠳᠦᠨ ᠲᠡᠩᠭᠡᠯᠢᠭ᠂ ᠭᠡᠷᠡᠯ ᠤᠨ ᠨᠤᠭᠤᠷᠠᠯᠲᠠ ᠶᠢᠨ ᠬᠡᠮᠵᠢᠶ᠎ᠡ ᠶᠢᠨ ᠲᠤᠭ᠎ᠠ ᠵᠡᠷᠭᠡ ᠶᠢ ᠪᠠᠭᠲᠠᠭᠠᠵᠤ᠂ ᠨᠢᠳᠦᠨ ᠬᠡᠰᠡᠭ ᠤᠨ ᠡᠷᠬᠡᠲᠡᠨ ᠤ ᠮᠠᠬᠠᠪᠣᠳ ᠤᠨ ᠴᠢᠨᠠᠷᠲᠠᠶ ᠡᠪᠡᠳᠴᠢᠨ ᠤ ᠬᠤᠪᠢᠷᠠᠯᠲᠠ ᠪᠠ ᠬᠠᠭᠤᠷᠮᠠᠭ ᠣᠶᠢᠷ᠎ᠠ ᠬᠠᠷᠠᠭ᠎ᠠ ᠶᠢ ᠠᠷᠢᠯᠭᠠᠨ᠎ᠠ ᠃ ᠬᠡᠦᠬᠡᠨ ᠬᠠᠷᠠᠭ᠎ᠠ ᠶᠢ ᠰᠠᠷᠨᠢᠭᠤᠯᠤᠨ ᠭᠡᠷᠡᠯ ᠤᠨ ᠪᠠᠶᠢᠴᠠᠭᠠᠯᠲᠠ ᠬᠢᠬᠦ ᠪᠣᠯ ᠨᠢᠭᠡ ᠵᠦᠢᠯ ᠤᠨ ᠣᠨᠣᠰᠢᠯᠠᠯᠲᠠ ᠶᠢᠨ ᠴᠢᠨᠠᠷᠲᠠᠶ ᠪᠠᠶᠢᠴᠠᠭᠠᠯᠲᠠ ᠶᠢᠨ ᠠᠷᠭ᠎ᠠ ᠮᠥᠨ᠂ ᠲᠡᠷᠡ ᠨᠢ ᠬᠡᠦᠬᠡᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤ ᠮᠠᠰᠢ ᠴᠢᠬᠤᠯᠠ ᠦᠢᠯᠡᠳᠦᠯ ᠲᠠᠢ ᠶᠤᠮ᠃      ᠬᠡᠦᠬᠡᠨ ᠬᠠᠷᠠᠭ᠎ᠠ ᠰᠠᠷᠨᠢᠭᠤᠯᠵᠤ ᠭᠡᠷᠡᠯ ᠰᠢᠯᠭᠠᠬᠤ᠄ ᠬᠡᠦᠬᠡᠳ ᠤᠨ ᠰᠣᠷᠮᠤᠤᠰᠤᠯᠢᠭ ᠪᠤᠯᠴᠢᠩ ᠤᠨ ᠲᠣᠬᠢᠷᠠᠭᠤᠯᠬᠤ ᠴᠢᠳᠠᠪᠤᠷᠢ ᠨᠢ ᠮᠠᠰᠢ ᠴᠢᠩᠭ᠎ᠠ᠂ ᠬᠡᠷᠪᠡ ᠭᠡᠷᠡᠯ ᠰᠢᠯᠭᠠᠬᠤ ᠦᠶ᠎ᠡ ᠳᠤ ᠰᠣᠷᠮᠤᠤᠰᠤᠯᠢᠭ ᠪᠤᠯᠴᠢᠩ ᠤᠨ ᠮᠢᠨᠴᠦᠭᠦᠷᠡᠭᠦᠯᠬᠦ ᠡᠮ ᠢ ᠬᠡᠷᠡᠭᠯᠡᠬᠦ ᠦᠭᠡᠶ᠂ ᠬᠡᠦᠬᠡᠳ ᠪᠠᠰᠠ ᠬᠠᠭᠤᠷᠮᠠᠭ ᠣᠶᠢᠷ᠎ᠠ ᠬᠠᠷᠠᠭ᠎ᠠ ᠶᠢᠨ ᠬᠤᠭᠤᠴᠠᠭᠠᠨ ᠳᠤ ᠪᠠᠶᠢᠪᠠᠯ᠂ ᠭᠡᠷᠡᠯ ᠰᠢᠯᠭᠠᠭᠰᠠᠨ ᠦᠷ᠎ᠡ ᠳ᠋ᠦᠩ ᠳᠤ ᠬᠠᠭᠤᠷᠮᠠᠭ ᠣᠶᠢᠷ᠎ᠠ ᠬᠠᠷᠠᠭ᠎ᠠ ᠶᠢᠨ ᠭᠷᠠᠳᠦ᠋ᠰ ᠤᠨ ᠲᠤᠭ᠎ᠠ ᠶᠢ ᠠᠭᠤᠯᠵᠤ᠂ ᠨᠢᠳᠦᠨ ᠰᠢᠯ ᠤᠨ ᠭᠷᠠᠳᠦ᠋ᠰ ᠤᠨ ᠲᠤᠭ᠎ᠠ ᠶᠢ ᠣᠨᠣᠪᠴᠢ ᠦᠭᠡᠶ ᠪᠣᠯᠭᠠᠵᠤ᠂ ᠭᠡᠷᠡᠯ ᠤᠨ ᠨᠤᠭᠤᠷᠠᠯᠲᠠ ᠶᠢᠨ ᠪᠤᠶᠢᠵᠢᠯᠲᠠ ᠶᠢ ᠨᠥᠯᠥᠭᠡᠯᠡᠳᠡᠭ᠃ ᠬᠡᠦᠬᠡᠨ ᠬᠠᠷᠠᠭ᠎ᠠ ᠶᠢ ᠰᠠᠷᠨᠢᠭᠤᠯᠵᠤ ᠭᠡᠷᠡᠯ ᠤᠨ ᠪᠠᠶᠢᠴᠠᠭᠠᠯᠲᠠ ᠬᠢᠬᠦ ᠨᠢ ᠰᠣᠷᠮᠤᠤᠰᠤᠯᠢᠭ ᠪᠤᠯᠴᠢᠩ ᠢ ᠰᠤᠯᠠᠷᠠᠭᠤᠯᠳᠠᠭ᠂ ᠡᠨᠡ ᠦᠶ᠎ᠡ ᠶᠢᠨ ᠭᠡᠷᠡᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠨᠡᠩ ᠪᠤᠰᠤᠳᠴᠢ᠂ ᠨᠡᠩ ᠨᠠᠶᠢᠳᠠᠪᠤᠷᠢᠲᠠᠶ ᠪᠠᠶᠢᠳᠠᠭ᠃      ᠵᠢᠩᠬᠢᠨᠢ ᠣᠶᠢᠷ᠎ᠠ ᠬᠠᠷᠠᠭ᠎ᠠ ᠪᠠᠷ ᠣᠨᠣᠰᠢᠯᠠᠬᠤ᠄ ᠬᠡᠦᠬᠡᠳ ᠢ ᠵᠢᠩᠬᠢᠨᠢ ᠣᠶᠢᠷ᠎ᠠ ᠬᠠᠷᠠᠭ᠎ᠠ ᠪᠠᠷ ᠣᠨᠣᠰᠢᠯᠠᠬᠤ ᠳᠤ ᠬᠦᠷᠪᠡᠯ᠂ ᠨᠢᠳᠦᠨ ᠤ ᠰᠠᠯᠠᠭᠠᠨ ᠤ ᠡᠮᠴᠢ ᠲᠠᠢ ᠢᠳᠡᠪᠬᠢᠲᠡᠶ ᠬᠠᠮᠵᠢᠯᠴᠠᠨ ᠵᠠᠯᠠᠷᠠᠭᠤᠯᠬᠤ ᠶᠢᠨ ᠬᠠᠮᠲᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      ᠣᠶᠢᠷ᠎ᠠ ᠬᠠᠷᠠᠭ᠎ᠠ ᠪᠣᠯ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠨᠣᠴᠢᠲᠠᠶ ᠠᠰᠠᠭᠤᠳᠠᠯ ᠮᠥᠨ ᠪᠣᠯᠬᠤᠷ ᠬᠤᠪᠢ ᠬᠥᠮᠦᠨ᠂ ᠬᠡᠷ ᠪᠦᠯᠢ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠲᠠᠯ᠎ᠠ ᠶᠢ ᠨᠢᠭᠡ ᠴᠤᠭᠴᠠᠵᠢᠭᠤᠯᠤᠭᠰᠠᠨ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠪᠦᠷᠢᠯᠳᠦᠭᠦᠯᠵᠦ᠂ ᠣᠶᠢᠷ᠎ᠠ ᠬᠠᠷᠠᠭ᠎ᠠ ᠶᠢᠨ ᠡᠭᠦᠰᠬᠦ ᠪᠠ ᠬᠥᠭᠵᠢᠬᠦ ᠶᠢ ᠪᠦᠲᠦᠮᠵᠢᠲᠡᠶ ᠬᠤᠷᠢᠭᠯᠠᠬᠤ ᠬᠡᠷᠡᠭᠲᠡᠶ᠃       ᠬᠡᠷᠬᠢᠨ ᠬᠡᠦᠬᠡᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠬᠦ  ᠪᠤᠢ︖      ★ ᠡᠳᠦᠷ ᠪᠦᠷᠢ 2 ᠴᠠᠭ \ ᠭᠠᠷᠠᠭ ᠪᠦᠷᠢ 14 ᠴᠠᠭ ᠤᠨ ᠭᠡᠷ ᠤᠨ ᠭᠠᠳᠠᠨᠠᠬᠢ ᠠᠵᠢᠯᠯᠠᠭ᠎ᠠ ᠬᠢᠬᠦ᠄ ᠣᠶᠢᠷ᠎ᠠ ᠬᠠᠷᠠᠭ᠎ᠠ ᠲᠠᠢ ᠡᠰᠡᠬᠦ ᠶᠢ ᠬᠠᠮᠢᠶᠠᠷᠤᠯ ᠦᠭᠡᠶ᠂ ᠬᠠᠮᠤᠭ ᠪᠦᠲᠦᠮᠵᠢᠲᠡᠶ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠠᠷᠭ᠎ᠠ ᠪᠠᠷᠢᠯ ᠨᠢ ᠭᠡᠷ ᠤᠨ ᠭᠠᠳᠠᠨᠠᠬᠢ ᠠᠵᠢᠯᠯᠠᠭ᠎ᠠ ᠠᠴᠠ ᠢᠯᠡᠭᠦᠦ ᠪᠠᠶᠢᠵᠤ ᠪᠣᠯᠬᠤ ᠦᠭᠡᠶ᠂ ᠬᠠᠷᠢᠨ ᠭᠡᠷ ᠤᠨ ᠭᠠᠳᠠᠨᠠᠬᠢ ᠠᠵᠢᠯᠯᠠᠭ᠎ᠠ ᠨᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠨᠢ ᠭᠡᠷᠡᠯ ᠤᠨ ᠲᠤᠰᠤᠯᠲᠠ ᠪᠣᠯᠤᠨ᠎ᠠ᠃ ︽ᠨᠢᠳᠦ︾ ᠪᠠᠷ ᠨᠡᠷᠡᠨ ᠤ ᠭᠡᠷᠡᠯ ᠢ ᠤᠬᠢᠶᠠᠭᠰᠠᠨ ᠨᠢ ᠳᠠᠷᠤᠶ ᠡᠭᠦᠨ ᠤ ᠶᠣᠰᠣ ᠶᠤᠮ᠃      ᠬᠠᠮᠤᠭ ᠰᠠᠶᠢᠨ ᠨᠢ ᠨᠡᠷᠡᠨ ᠤ ᠭᠡᠷᠡᠯ ᠭᠦᠢᠴᠡᠳ ᠪᠠᠶᠢᠬᠤ ᠦᠶ᠎ᠡ ᠳᠤ ᠭᠡᠷ ᠤᠨ ᠭᠠᠳᠠᠨ᠎ᠠ ᠬᠥᠳᠡᠯᠭᠡᠭᠡᠨ ᠬᠢᠵᠦ᠂ ᠡᠳᠦᠷ ᠪᠦᠷᠢ ᠨᠡᠶᠢᠲᠡ 2 ᠴᠠᠭ ᠠᠵᠢᠯᠯᠠᠪᠠᠯ ᠣᠶᠢᠷ᠎ᠠ ᠬᠠᠷᠠᠭ᠎ᠠ ᠶᠢᠨ ᠡᠭᠦᠰᠬᠦ ᠪᠠ ᠬᠥᠭᠵᠢᠬᠦ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃ ᠨᠡᠷᠡᠨ ᠤ ᠭᠡᠷᠡᠯ ᠳᠣᠣᠷᠠᠬᠢ ᠭᠡᠷ ᠤᠨ ᠭᠠᠳᠠᠨᠠᠬᠢ ᠬᠥᠳᠡᠯᠭᠡᠭᠡᠨ ᠨᠢ ᠨᠢᠳᠦᠨ ᠤ ᠳᠤᠫᠠᠮᠢᠨ ᠤ ᠠᠭᠤᠯᠤᠭᠳᠠᠴᠠ ᠶᠢ ᠳᠡᠭᠡᠭᠰᠢᠯᠡᠭᠦᠯᠵᠦ᠂ ᠰᠤᠳᠠᠯ ᠰᠦᠯᠪᠡᠭᠡᠨ ᠪᠦᠷᠬᠦᠪᠴᠢ ᠶᠢᠨ ᠵᠤᠵᠠᠭᠠᠨ ᠤ ᠬᠡᠮᠵᠢᠶ᠎ᠡ ᠶᠢ ᠨᠡᠮᠡᠭᠳᠡᠭᠦᠯᠦᠨ᠂ ᠨᠢᠳᠦᠨ ᠤ ᠲᠡᠩᠭᠡᠯᠢᠭ ᠤᠨ ᠥᠰᠥᠯᠲᠡ ᠶᠢ ᠬᠤᠷᠢᠭᠯᠠᠵᠤ᠂ ᠣᠶᠢᠷ᠎ᠠ ᠬᠠᠷᠠᠭ᠎ᠠ ᠶᠢᠨ ᠬᠥᠭᠵᠢᠯᠲᠡ ᠶᠢ ᠬᠢᠵᠠᠭᠠᠷᠯᠠᠨ᠎ᠠ᠃      ᠡᠭᠦᠨ ᠠᠴᠠ ᠭᠠᠳᠠᠨ᠎ᠠ᠂ ᠨᠡᠷᠡᠨ ᠤ ᠭᠡᠷᠡᠯ ᠦᠭᠡᠢ ᠴᠦ ᠭᠡᠰᠡᠨ ᠭᠡᠷ ᠤᠨ ᠭᠠᠳᠠᠨᠠᠬᠢ ᠬᠥᠳᠡᠯᠭᠡᠭᠡᠨ ᠨᠢ ᠬᠡᠦᠬᠡᠳ ᠤᠨ ᠨᠢᠳᠦ ᠶᠢ ᠭᠦᠢᠴᠡᠳ ᠲᠠᠯᠪᠢᠭᠤᠷᠠᠭᠤᠯᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠬᠦ ᠦᠢᠯᠡᠳᠦᠯ ᠲᠠᠢ ᠪᠣᠯᠭᠠᠳᠠᠭ᠃      ★ ᠨᠢᠳᠦ ᠬᠡᠷᠡᠭᠯᠡᠬᠦ ᠴᠠᠭ ᠪᠠ ᠵᠠᠶ ᠪᠠᠨ ᠡᠵᠡᠮᠳᠡᠬᠦ ᠬᠡᠷᠡᠭᠲᠡᠶ᠄ 3 ᠨᠠᠰᠤᠨ ᠠᠴᠠ ᠳᠣᠷᠣᠭᠰᠢᠬᠢ ᠬᠡᠦᠬᠡᠳ ᠠᠯᠢ ᠴᠢᠳᠠᠬᠤ ᠪᠠᠷ ᠡᠯᠧᠺᠲᠷᠣᠨ ᠦᠢᠯᠡᠳᠬᠦᠨ ᠲᠠᠢ ᠣᠶᠢᠷᠠᠳᠬᠤ ᠦᠭᠡᠶ ᠪᠠᠶᠢᠬᠤ ᠬᠡᠷᠡᠭᠲᠡᠶ᠃ ᠡᠳᠦᠷ ᠪᠦᠷᠢ 2 ᠴᠠᠭ ᠤᠨ ᠭᠠᠳᠠᠨ᠎ᠠ ᠬᠥᠳᠡᠯᠭᠡᠭᠡᠨ ᠬᠢᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ 3~6 ᠨᠠᠰᠤᠨ ᠤ ᠬᠡᠦᠬᠡᠳ ᠡᠳᠦᠷ ᠪᠦᠷᠢ ᠡᠯᠧᠺᠳ᠋ᠷᠣᠨ ᠦᠢᠯᠡᠳᠬᠦᠨ ᠬᠡᠷᠡᠭᠯᠡᠬᠦ ᠳᠡᠭᠡᠨ 1 ᠴᠠᠭ ᠠᠴᠠ ᠬᠡᠲᠦᠷᠡᠵᠦ ᠪᠣᠯᠬᠤ ᠦᠭᠡᠢ᠂ ᠤᠳᠠᠭ᠎ᠠ ᠪᠦᠷᠢ 15 ᠮᠢᠨᠦ᠋ᠲ ᠠᠴᠠ ᠬᠡᠲᠦᠷᠡᠵᠦ ᠪᠣᠯᠬᠤ ᠦᠭᠡᠢ᠃      ᠬᠡᠷᠪᠡ ᠺᠠᠷᠲ᠋ᠣᠨ ᠺᠢᠨᠣ᠋ ᠦᠵᠡᠬᠦ ᠭᠡᠪᠡᠯ ᠬᠠᠮᠤᠭ ᠰᠠᠶᠢᠨ ᠨᠢ ᠲᠧᠯᠸᠢᠰ᠂ ᠲᠤᠰᠬᠠᠯᠲᠠ ᠶᠢᠨ ᠮᠠᠰᠢᠨ ᠵᠡᠷᠭᠡ ᠶᠢ ᠬᠡᠷᠡᠭᠯᠡᠵᠦ᠂ ᠲᠣᠬᠢᠷᠠᠮᠵᠢᠲᠠᠶ ᠬᠠᠷᠠᠭᠠᠨ ᠳᠡᠯᠭᠡᠴᠡ ᠶᠢᠨ ᠵᠠᠶ ᠶᠢ ᠪᠠᠲᠤᠯᠠᠬᠤ ᠬᠡᠷᠡᠭᠲᠡᠶ᠃ ᠭᠠᠷ ᠤᠲᠠᠰᠤᠨ ᠤ ᠳᠡᠯᠭᠡᠴᠡ ᠨᠢ ᠪᠠᠭ᠎ᠠ ᠪᠣᠯᠬᠤᠷ ᠠᠯᠢ ᠴᠢᠳᠠᠬᠤ ᠪᠠᠷ ᠬᠦᠷᠦᠯᠴᠡᠬᠦ ᠥᠬᠡᠶ ᠪᠠᠶᠢᠬᠤ ᠬᠡᠷᠡᠭᠲᠡᠶ᠃      ᠲᠤᠰᠬᠠᠯᠲᠠ ᠶᠢᠨ ᠮᠠᠰᠢᠨ ᠢ ᠬᠡᠷᠡᠭᠯᠡᠬᠦ ᠳᠡᠭᠡᠨ ᠳᠡᠯᠭᠡᠴᠡ ᠶᠢᠨ ᠢᠯᠭᠠᠮᠵᠢ ᠶᠢ ᠠᠩᠬᠠᠷᠬᠤ ᠬᠡᠷᠡᠭᠲᠡᠶ᠃ ᠬᠦᠴᠦᠨ ᠲᠠᠢ ᠬᠠᠷᠢᠴᠠᠭᠤᠯᠤᠯ ᠤᠨ ᠰᠣᠷᠭᠤᠭ ᠤᠨ ᠬᠡᠮᠵᠢᠶ᠎ᠡ ᠨᠢ ᠬᠡᠦᠬᠡᠳ ᠤᠨ ᠬᠠᠷᠠᠭ᠎ᠠ ᠶᠢ ᠤᠯᠠᠮ ᠲᠣᠳᠣ ᠪᠣᠯᠭᠠᠬᠤ ᠶᠢᠨ ᠬᠠᠮᠲᠤ ᠶᠠᠳᠠᠷᠠᠭ᠎ᠠ ᠶᠢ ᠨᠢ ᠬᠥᠩᠭᠡᠷᠡᠭᠦᠯᠦᠨ᠎ᠡ᠃ ᠳᠡᠯᠭᠡᠴᠡ ᠶᠢᠨ ᠶᠡᠭᠡ ᠪᠠᠭ᠎ᠠ ᠨᠢ ᠬᠡᠳᠦᠶ ᠶᠡᠭᠡ ᠪᠣᠯ ᠲᠡᠳᠦᠶ ᠰᠠᠶᠢᠨ ᠪᠢᠰᠢ᠂ ᠶᠡᠷᠦ ᠳᠡᠭᠡᠨ ᠳᠡᠯᠭᠡᠴᠡ ᠶᠢᠨ 3 ~ 4 ᠳᠠᠬᠢᠨ ᠤ ᠲᠠᠰᠢᠭᠤᠪᠴᠢ ᠱᠤᠭᠤᠮ ᠤᠨ ᠵᠠᠶ ᠶᠢ ᠣᠯᠵᠤ ᠦᠵᠡᠬᠦ ᠶᠢ ᠪᠢᠳᠡ ᠰᠠᠨᠠᠭᠠᠴᠢᠯᠠᠳᠠᠭ᠃ ᠳᠡᠯᠭᠡᠴᠡ ᠶᠢᠨ ᠶᠡᠭᠡ ᠪᠠᠭ᠎ᠠ ᠨᠢ ᠬᠡᠳᠦᠶ ᠶᠡᠭᠡ ᠪᠣᠯ ᠲᠡᠳᠦᠶ ᠰᠠᠶᠢᠨ ᠪᠢᠰᠢ᠂ ᠬᠠᠷᠢᠨ ᠳᠡᠯᠭᠡᠴᠡ ᠶᠢᠨ 3 ~ 4 ᠳᠠᠬᠢᠨ ᠤ ᠲᠠᠰᠢᠭᠤᠪᠴᠢ ᠶᠢᠨ ᠵᠠᠶ ᠶᠢ ᠣᠯᠵᠤ ᠦᠵᠡᠳᠡᠭ᠃      ᠰᠠᠶᠢᠨ ᠰᠠᠶᠢᠬᠠᠨ ᠤᠩᠰᠢᠯᠭ᠎ᠠ ᠶᠢᠨ ᠣᠷᠴᠢᠨ ᠲᠣᠭᠤᠷᠢᠨ ᠢ ᠪᠣᠢ ᠪᠣᠯᠭᠠᠬᠤ ᠳᠤ᠂ ᠬᠠᠷᠠᠩᠭᠤᠶ ᠣᠷᠴᠢᠨ ᠳᠤ ᠤᠷᠲᠤ ᠬᠤᠭᠤᠴᠠᠭ᠎ᠠ ᠪᠠᠷ᠂ ᠣᠶᠢᠷ᠎ᠠ ᠵᠠᠶ ᠠᠴᠠ ᠨᠢᠳᠦ ᠪᠠᠨ ᠬᠡᠷᠡᠭᠯᠡᠵᠦ ᠪᠣᠯᠬᠤ ᠦᠭᠡᠢ᠃      ★ ︽20 . 20᡺. 20︾ ᠶᠢᠨ ᠨᠢᠳᠦ ᠬᠠᠮᠠᠭᠠᠯᠠᠬᠤ ᠵᠠᠷᠴᠢᠮ ᠢ ᠵᠢᠷᠤᠮᠯᠠᠳᠠᠭ᠄ ᠣᠶᠢᠷ᠎ᠠ ᠵᠠᠶ ᠪᠦᠷᠢ ᠳᠤ 20 ᠮᠢᠨᠦ᠋ᠲ ᠨᠢᠳᠦ ᠵᠠᠷᠤᠵᠤ᠂ 20 ᠹᠦᠲ ︵6 ᠮᠧᠲᠷ︶ ᠬᠤᠯᠠ ᠭᠠᠵᠠᠷ ᠢ ᠪᠠᠷᠠᠯᠠᠬᠤ ᠳᠤ ᠠᠳᠠᠭ ᠪᠠᠭ᠎ᠠ ᠳᠠᠭᠠᠨ 20 ᠰᠧᠺᠦ᠋ᠨ᠋ᠳ᠋ ᠬᠡᠷᠡᠭᠰᠡᠨ᠎ᠡ᠃ ᠬᠡᠦᠬᠡᠳ ᠤᠨ ᠨᠢᠳᠦ ᠬᠡᠷᠡᠭᠯᠡᠬᠦ ᠪᠠᠶᠢᠳᠠᠯ ᠢ ᠦᠨᠳᠦᠰᠦᠯᠡᠪᠡᠯ᠂ ᠵᠠᠪᠠᠯ 20 ᠰᠧᠺᠦ᠋ᠨ᠋ᠳ᠋ ᠲᠤ ᠪᠠᠷᠢᠭᠳᠠᠬᠤ ᠪᠢᠰᠢ᠂ ᠬᠠᠷᠢᠨ ᠠᠯᠤᠰ ᠢ ᠪᠠᠷᠠᠯᠠᠬᠤ ᠴᠠᠭ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠣᠯᠤᠨ᠎ᠠ᠃      ★ ᠵᠥᠪ ᠣᠨᠣᠪᠴᠢᠲᠠᠶ ᠤᠩᠰᠢᠵᠤ ᠪᠢᠴᠢᠬᠦ ᠳᠦᠷᠢ ᠪᠠᠶᠢᠳᠠᠯ ᠲᠠᠢ ᠪᠠᠶᠢᠬᠤ ᠬᠡᠷᠡᠭᠲᠡᠶ᠄ ᠵᠥᠪ ᠣᠨᠣᠪᠴᠢᠲᠠᠶ ᠤᠩᠰᠢᠵᠤ ᠪᠢᠴᠢᠬᠦ ᠳᠦᠷᠢ ᠪᠠᠶᠢᠳᠠᠯ ᠨᠢ ᠲᠦᠢᠯ ᠤᠨ ᠴᠢᠬᠤᠯᠠ ᠪᠠᠶᠢᠳᠠᠭ᠃ ᠬᠡᠦᠬᠡᠳ ᠢ 3 ︽ᠨᠢᠭᠡ︾ ᠪᠣᠯᠭᠠᠬᠤ ᠶᠢ ᠱᠠᠭᠠᠷᠳᠠᠨ᠎ᠠ᠄ ᠨᠢᠳᠦ ᠶᠢ ᠨᠢ ᠨᠣᠮ ᠳᠡᠪᠲᠡᠷ ᠠᠴᠠ ᠨᠢᠭᠡ ᠲᠣᠬᠤᠢ ᠵᠠᠶᠢᠲᠠᠢ᠂ ᠴᠡᠭᠡᠵᠢ ᠶᠢ ᠨᠢ ᠰᠢᠷᠡᠭᠡᠨ ᠠᠴᠠ ᠨᠢᠭᠡ ᠨᠢᠳᠤᠷᠭ᠎ᠠ ︵6~8 ᠰᠠᠨᠲ᠋ᠢᠮᠧᠳ᠋ᠷ︶᠂ ᠭᠠᠷ ᠤᠨ ᠬᠤᠷᠤᠭᠤ ᠶᠢ ᠨᠢ ᠪᠢᠷ ᠤᠨ ᠦᠵᠦᠭᠦᠷ ᠠᠴᠠ ᠨᠢᠭᠡ ᠢᠮᠠᠬᠤ ᠵᠠᠶᠢᠲᠠᠢ ᠪᠠᠶᠢᠯᠭᠠᠨ᠎ᠠ ︵ᠪᠠᠷᠤᠭ 3 ᠰᠠᠨᠲ᠋ᠢᠮᠧᠳ᠋ᠷ︶᠃ ᠬᠡᠪᠲᠡᠬᠦ᠂ ᠬᠠᠵᠠᠭᠤᠯᠠᠨ ᠬᠡᠪᠲᠡᠬᠦ ᠪᠤᠶᠤ ᠰᠢᠯᠵᠢᠮᠡᠯ ᠸᠠᠭᠤᠨ ᠳᠤ ᠨᠣᠮ ᠦᠵᠡᠵᠦ᠂ ᠭᠠᠷ ᠤᠲᠠᠰᠤ ᠦᠵᠡᠵᠦ ᠪᠣᠯᠬᠤ ᠥᠬᠡᠶ᠃      ★ ᠵᠦᠶ ᠵᠣᠬᠢᠰᠲᠠᠶ ᠢᠳᠡᠵᠦ ᠤᠤᠭᠤᠬᠤ ᠪᠠ ᠭᠦᠢᠴᠡᠳ ᠤᠨᠲᠠᠬᠤ᠄ ᠶᠠᠭ ᠰᠠᠶᠢᠬᠠᠨ ᠦᠰᠦᠨ ᠪᠤᠶᠢᠵᠢᠵᠤ ᠪᠠᠶᠢᠭ᠎ᠠ ᠬᠡᠦᠬᠡᠳ ᠲᠤ ᠠᠪᠴᠤ ᠬᠡᠯᠡᠪᠡᠯ᠂ ᠢᠳᠡᠭᠡᠨ ᠤᠮᠳᠠᠭᠠᠨ ᠢᠶᠠᠨ ᠲᠡᠩᠴᠡᠭᠦᠷᠢᠲᠡᠶ ᠪᠠᠶᠢᠯᠭᠠᠬᠤ ᠪᠠ ᠭᠦᠢᠴᠡᠳ ᠤᠨᠲᠠᠬᠤ ᠶᠢ ᠪᠠᠲᠤᠯᠠᠬᠤ ᠨᠢ ᠪᠦᠷ ᠡᠷᠡᠭᠦᠯ ᠴᠢᠭᠢᠷᠠᠭ ᠢᠶᠠᠷ ᠦᠰᠦᠨ ᠪᠤᠶᠢᠵᠢᠬᠤ ᠶᠢᠨ ᠰᠠᠭᠤᠷᠢ ᠪᠣᠯᠤᠨ᠎ᠠ᠃ ᠨᠦᠢᠷ ᠬᠦᠷᠦᠯᠴᠡᠬᠦ ᠦᠭᠡᠢ ᠪᠣᠯ ᠳᠣᠲᠣᠭᠠᠳᠤ ᠰᠢᠭᠦᠷᠡᠯᠲᠡ᠂ ᠮᠡᠳᠡᠷᠡᠯ᠂ ᠡᠭᠡᠯᠢᠯᠡᠭᠡ ᠵᠡᠷᠭᠡ ᠠᠳᠠᠯᠢ ᠪᠤᠰᠤ ᠠᠷᠭ᠎ᠠ ᠵᠠᠮ ᠢᠶᠠᠷ ᠨᠢᠳᠦ ᠶᠢ ᠨᠥᠯᠥᠭᠡᠯᠡᠵᠦ᠂ ᠡᠭᠦᠨ ᠤ ᠤᠯᠠᠮ ᠠᠴᠠ ᠨᠢᠳᠦᠨ ᠤ ᠲᠠᠭᠠᠯᠠᠮᠵᠢᠲᠠᠶ ᠬᠡᠮᠵᠢᠶ᠎ᠡ ᠶᠢ ᠪᠠᠭᠤᠷᠠᠭᠤᠯᠵᠤ᠂ ᠬᠡᠦᠬᠡᠳ ᠤᠨ ᠬᠠᠷᠠᠭ᠎ᠠ ᠶᠢ ᠮᠠᠭᠤᠳᠠᠭᠤᠯᠵᠤ ᠮᠡᠳᠡᠨ᠎ᠡ᠃ ᠡᠶᠢᠮᠦ ᠠᠴᠠ ᠬᠡᠦᠬᠡᠳ ᠲᠤ ᠭᠦᠢᠴᠡᠳ ᠰᠢᠮ᠎ᠡ ᠲᠡᠵᠢᠭᠡᠯ ᠣᠯᠭᠤᠬᠤ ᠶᠢᠨ ᠬᠠᠮᠲᠤ ᠭᠦᠢᠴᠡᠳ ᠤᠨᠲᠠᠵᠤ ᠠᠮᠠᠷᠠᠬᠤ ᠶᠢ ᠪᠠᠲᠤᠯᠠᠬᠤ ᠨᠢ ᠴᠦ ᠠᠳᠠᠯᠢᠬᠠᠨ ᠴᠢᠬᠤᠯᠠ ᠪᠠᠶᠢᠳᠠᠭ᠃                                   ᠢᠷᠡᠯᠲᠡ᠄  ᠡᠷᠡᠭᠦᠯ ᠴᠢᠬᠢᠷᠠᠭ ᠳᠤᠮᠳᠠᠳᠤ ᠤᠯᠤᠰ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3