︽ᠤᠶᠠᠩᠭᠠᠲᠤ ᠮᠣᠳᠣ︾ ᠶᠢ ᠰᠠᠶᠢᠲᠤᠷ ᠳᠠᠷᠢᠵᠤ᠂ ︽ᠭᠠᠷᠤᠳᠢ︾ ᠶᠢ ᠠᠪᠴᠢᠷᠠᠨ ᠰᠠᠭᠤᠯᠭᠠᠨ᠎ᠠ᠃ | ᠤᠢᠢᠷ᠎ᠠ ᠶᠢᠨ ᠵᠢᠯ ᠠᠴᠠ᠂ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ | ᠠᠷᠠᠳ ᠤᠨ ᠵᠠᠰᠠᠭ ᠤᠨ ᠣᠷᠳᠣᠨ ᠠᠴᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ︽ᠲᠡᠷᠢᠭᠦᠨ ᠢᠨᠵᠧᠨᠧᠷᠢᠩ | ︾ ᠪᠣᠯᠭᠠᠨ ᠠᠳᠬᠤᠵᠤ᠂ ᠰᠢᠩ ᠡᡁᠧ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ | ᠬᠥᠳᠡᠯᠦᠯᠴᠡᠵᠦ᠂ ᠤᠯᠠᠨ ᠰᠠᠯᠠᠭ᠎ᠠ ᠮᠥᠴᠢᠷ ᠤᠨ ᠬᠢᠨ ᠵᠣᠬᠢᠴᠠᠭᠤᠯᠵᠤ᠂ ᠰᠢᠯᠢᠳᠡᠭ ᠲᠦᠷᠦᠯ ᠵᠦᠢᠯ ᠤᠳ ᠢ ᠰᠢᠩ | ᠡᡁᠧ ᠶᠢᠨ ᠡᠭᠡ ᠭᠠᠵᠠᠷ ᠲᠤ ᠨᠠᠶᠢᠳᠠᠪᠤᠷᠢᠵᠢᠭᠤᠯᠤᠨ ᠳᠡᠯᠭᠡᠷᠡᠭᠦᠯᠵᠦ᠂ ᠳ᠋ᠠ ᠮᠧᠢ ᠰᠢᠩ ᠡᡁᠧ ᠶᠢᠨ ᠪᠦᠳᠦᠭᠡᠨ | ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃ | | | ᠰᠢᠩ ᠾᠧ ᠰᠢᠶᠠᠨ ᠤ ᠬᠤᠲᠠ ᠶᠢᠨ ᠶᠡᠭᠡ ᠵᠠᠮ ︵ᠢᠷᠡᠯᠲᠡ᠄ ᠰᠢᠩ ᠾᠧ ᠰᠢᠶᠠᠨ ᠤ ᠬᠠᠮ | ᠵᠠᠭᠤᠴᠢᠯᠠᠭᠤᠷ ᠤᠨ ᠲᠥᠪ︶ | | | ᠨᠠᠷᠢᠨ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠪᠠᠶᠢᠷᠢᠯᠠᠭᠤᠯᠬᠤ ᠶᠢᠨ ᠲᠥᠯᠥᠭᠡ ᠬᠥᠭ ᠠᠶᠠᠰ ᠢᠶᠠᠨ | ᠲᠣᠭᠲᠠᠭᠠᠵᠤ ᠪᠠᠶᠢᠷᠢᠯᠠᠭᠤᠯᠪᠠ | ᠬᠡᠷᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ᠪᠡᠯᠡ | ᠣᠷᠣᠭᠤᠯᠤᠯᠲᠠ ᠶᠢᠨ ᠥᠨᠳᠦᠷᠯᠢᠭ ᠢ ᠴᠣᠭᠴᠠᠯᠠᠬᠤ ᠪᠤᠢ︖ ᠰᠢᠩ ᠡᡁᠧ ᠰᠢᠶᠠᠨ ᠤ ᠨᠠᠮ ᠤᠨ ᠬᠤᠷᠢᠶ᠎ᠡ᠂ | ᠰᠢᠶᠠᠨ ᠤ ᠠᠷᠠᠳ ᠤᠨ ᠵᠠᠰᠠᠭ ᠤᠨ ᠣᠷᠳᠣᠨ ᠡᠭᠦᠨ ᠢ ᠢᠮᠠᠭᠲᠠ ᠴᠢᠬᠤᠯᠠ ᠰᠡᠳᠦᠪ ᠪᠣᠯᠭᠠᠵᠤ᠂ ᠵᠠᠮ | ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠲᠦᠷᠦᠯ | ᠵᠦᠢᠯ ᠢ ᠨᠠᠷᠢᠨ ᠨᠢᠮᠪᠠᠢ ᠨᠥᠭᠡᠴᠡᠯᠡᠵᠦ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ᠠᠷᠠᠯᠵᠢᠶᠠᠴᠢᠨ ᠤᠷᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ | 2 ᠰᠠᠷ᠎ᠠ ᠶᠢᠨ 7 ᠤ ᠡᠳᠦᠷ᠂ ᠰᠢᠩ ᠡᡁᠧ ᠰᠢᠶᠠᠨ ᠤ ᠬᠢᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ | ᠬᠤᠷᠠᠯᠳᠤᠭᠤᠯᠪᠠ᠃ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠪᠠᠲᠤᠳᠬᠠᠨ ᠠᠬᠢᠭᠤᠯᠬᠤ ᠳᠤ᠂ | ᠰᠠᠭᠤᠷᠢ ᠨᠢ ᠠᠵᠤ ᠦᠢᠯᠡᠰ ᠲᠤ ᠪᠤᠢ᠂ ᠵᠠᠩᠭᠢᠯᠠᠭ᠎ᠠ ᠨᠢ ᠲᠦᠷᠦᠯ ᠵᠦᠢᠯ ᠳᠤ ᠲᠦᠰᠢᠭᠯᠡᠵᠦ᠂ ᠰᠢᠪᠲᠤᠯᠤᠯᠲᠠ ᠨᠢ | ᠬᠤᠳᠠᠯᠳᠤᠭᠠᠴᠢᠨ ᠤᠷᠢᠬᠤ ᠳᠤ ᠪᠤᠢ᠂ ︽ᠶᠠᠭᠤ ᠡᠯᠰᠡᠬᠦ︾ ︽ᠶᠠᠭᠠᠬᠢᠵᠤ ᠡᠯᠰᠡᠬᠦ︾ ᠶᠢ ᠲᠣᠳᠣᠷᠬᠠᠶᠢᠯᠠᠵᠤ᠂ ᠰᠢᠩ | ᠡᡁᠧ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠴᠢᠭᠯᠡᠯ ᠢ ᠲᠣᠭᠲᠠᠭᠠᠨ ᠥᠭᠴᠡᠢ᠃ | | | ᠰᠢᠩ ᠾᠧ ᠰᠢᠶᠠᠨ ᠤ ᠬᠢᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠪᠠ᠃ ︵ | ᠰᠡᠭᠦᠳᠡᠷᠯᠡᠪᠡ︶ | ᠡᠬᠢᠯᠡᠯᠲᠡ ᠶᠢᠨ ᠬᠤᠭᠤᠴᠠᠭᠠᠨ ᠳᠤ ᠲᠦᠷᠭᠡᠨ ᠳᠠᠪᠬᠢᠵᠤ᠂ ᠪᠦᠬᠦ ᠲᠠᠯ᠎ᠠ ᠰᠠᠶ᠋ᠢ ᠨᠡᠩ ᠰᠠᠶᠢᠨ ᠪᠤᠯᠵᠤ ᠴᠢᠳᠠᠨ᠎ᠠ | ︔ ᠡᠬᠢᠯᠡᠬᠦ ᠳᠤ ᠬᠤᠷᠳᠤᠴᠠ ᠪᠠᠨ ᠲᠦᠷᠭᠡᠳᠬᠡᠵᠦ᠂ ᠬᠤᠶᠢᠰᠢᠳᠠ ᠶᠢᠨ ᠵᠠᠮ ᠤᠨ ᠢᠳᠡ ᠬᠦᠴᠦ ᠰᠠᠶ᠋ᠢ ᠲᠡᠭᠦᠯᠳᠡᠷ | ᠪᠠᠶᠢᠳᠠᠭ᠃ ︽ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠡᠷᠢᠭᠦᠨ ᠪᠠᠶᠢᠷᠢ ᠶᠢᠨ ᠤᠬᠠᠮᠰᠠᠷ ᠢᠶᠠᠨ ᠪᠠᠲᠤᠳᠬᠠᠵᠤ | ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠪᠤᠳᠠᠯ ᠢ ︿ᠲᠡᠷᠢᠭᠦᠨ ᠴᠢᠬᠤᠯᠠ ᠢᠨᠵᠧᠨᠧᠷᠢᠩ﹀ ᠪᠣᠯᠭᠠᠵᠤ᠂ ᠴᠠᠭ | ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠴᠦ᠂ ᠭᠠᠷ ᠲᠠᠭᠠᠨ ᠠᠳᠬᠤᠵᠤ᠂ ᠠᠵᠢᠯ ᠳᠠᠭᠠᠨ | ᠨᠠᠶᠢᠳᠠᠪᠤᠷᠢᠵᠢᠭᠤᠯᠵᠤ᠂ ︿ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ﹀ ᠶᠢ | ᠪᠠᠷᠢᠮᠲᠠᠯᠠᠨ᠂ ᠨᠢᠭᠡ ᠲᠠᠯ᠎ᠠ ᠪᠠᠷ ᠬᠤᠳᠠᠯᠳᠤᠭᠠᠴᠢᠨ ᠤᠷᠢᠬᠤ ᠶᠢ ᠠᠳᠬᠤᠵᠤ᠂ ᠨᠥᠭᠦᠭᠡ ᠲᠠᠯ᠎ᠠ ᠪᠠᠷ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠳᠬᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠪᠠ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠭᠤᠷᠪᠠᠨ ᠵᠢᠯ ᠤᠨ | ᠠᠵᠢᠯᠯᠠᠭᠠᠨ ᠤ ᠲᠥᠰᠦᠯ ᠢ ᠭᠦᠨᠵᠡᠭᠡᠶ ᠨᠠᠶᠢᠳᠠᠪᠤᠷᠢᠵᠢᠭᠤᠯᠤᠨ᠂ ︿ᠴᠠᠭ ᠪᠢᠳᠡᠨ ᠢ ᠬᠦᠯᠢᠶᠡᠬᠦ ᠥᠬᠡᠶ﹀ ᠪᠠᠶᠢᠬᠤ | ᠲᠤᠯᠭᠠᠮ᠎ᠠ ᠰᠡᠳᠬᠢᠯᠭᠡ ᠪᠠᠷ ᠬᠤᠳᠠᠯᠳᠤᠭᠠᠴᠢᠨ ᠤᠷᠢᠵᠤ ᠪᠠᠯᠠ ᠲᠠᠲᠠᠬᠤ ᠪᠠ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠠᠵᠢᠯ ᠢ ᠴᠢᠩᠭ᠎ᠠ ᠠᠳᠬᠤᠵᠤ᠂ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ | ᠬᠡᠷᠡᠭᠲᠡᠶ︾ ᠭᠡᠵᠡᠶ᠃ ᠰᠢᠩ ᠡᡁᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠦᠬᠦ ᠰᠢᠶᠠᠨ ᠤ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠶᠡᠭᠡ ᠬᠤᠷᠠᠯ ᠳᠡᠭᠡᠷ᠎ᠡ ᠢᠩᠭᠢᠵᠦ ᠬᠡᠯᠡᠪᠡ᠃ | ︽ᠶᠠᠭᠤ ᠡᠯᠰᠡᠬᠦ ᠪᠠᠷ ᠪᠠᠶᠢᠨ᠎ᠠ ᠪᠤᠶ︖︾ ᠭᠡᠵᠦᠳᠠᠷᠤᠶ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ᠂ ︽ᠲᠠᠪᠤᠨ ᠶᠡᠭᠡ ᠠᠵᠤ ᠠᠬᠤᠶ︾ ᠶᠢ ᠬᠥᠭᠵᠢᠭᠦᠯᠬᠦ᠂ ︽ᠬᠤᠶᠠᠷ ᠬᠦᠷᠢᠶᠡᠯᠡᠩ ᠬᠤᠶᠠᠷ | ᠲᠣᠭᠤᠷᠢᠭ︾ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ︽ᠶᠠᠮᠠᠷ ᠨᠢ ᠳᠤᠲᠠᠪᠠᠯ ᠲᠡᠭᠦᠨ ᠢ ᠲᠠᠲᠠᠬᠤ᠂ | ᠶᠠᠮᠠᠷ ᠨᠢ ᠪᠠᠭᠤᠷᠠᠶ ᠪᠣᠯ ᠲᠡᠭᠦᠨ ᠢ ᠨᠥᠬᠦᠪᠥᠷᠢᠯᠡᠬᠦ᠂ ᠶᠠᠮᠠᠷ ᠨᠢ ᠬᠦᠴᠦᠷᠬᠡᠭᠵᠢᠪᠡᠯ ᠲᠡᠭᠦᠨ ᠢ ᠨᠡᠮᠡᠭᠳᠡᠭᠦᠯᠬᠦ︾ | ᠵᠠᠷᠴᠢᠮ ᠤᠨ ᠶᠣᠰᠣᠭᠠᠷ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ | ᠨᠥᠬᠦᠪᠥᠷᠢᠯᠡᠬᠦ᠂ ᠬᠡᠯᠬᠢᠶᠡᠵᠢᠯ ᠢ ᠴᠢᠩᠭᠠᠳᠬᠠᠬᠤ ᠶᠢ ᠠᠬᠢᠭᠤᠯᠵᠤ᠂ ᠨᠢᠭᠡ ᠪᠦᠯᠦᠭ ᠬᠥᠭᠵᠢᠯᠲᠡ ᠶᠢᠨ ᠢᠷᠡᠭᠡᠳᠦᠶ ᠲᠠᠢ | ᠂ ᠨᠡᠮᠡᠯᠲᠡ ᠥᠷᠲᠡᠭ ᠢᠶᠠᠷ ᠥᠨᠳᠥᠷ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠲᠣᠮᠣ ᠳ᠋ᠠᠶᠢᠲ᠋ᠠ᠂ ᠳᠡᠭᠡᠳᠦ | ᠦᠵᠦᠭᠦᠷ ᠤᠨ ᠲᠣᠨᠤᠭ ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠨᠠᠰᠤᠵᠢᠯ ᠤᠨ | ᠠᠰᠠᠷᠠᠮᠵᠢ ᠡᠷᠡᠭᠦᠯᠵᠢᠯ ᠰᠤᠪᠢᠯᠠᠯᠲᠠ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ | ᠰᠦᠪᠡᠭᠴᠢᠯᠡᠨ ᠣᠷᠣᠭᠤᠯᠵᠤ ᠠᠪᠴᠢᠷᠠᠬᠤ ᠪᠠᠷ ᠴᠢᠷᠮᠠᠶᠢᠵᠤ᠂ ᠪᠥᠬᠦ ᠵᠢᠯ ᠳᠤ 120 ᠭᠠᠷᠤᠶ ᠲᠥᠷᠥᠯ ᠵᠦᠢᠯ ᠳᠤ | ᠭᠡᠷ᠎ᠡ ᠲᠣᠭᠲᠠᠵᠤ᠂ ᠵᠢᠯ ᠤᠨ ᠳᠣᠲᠣᠷ᠎ᠠ 30 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ | ᠪᠡᠶᠡᠯᠡᠭᠦᠯᠵᠦ᠂ ᠣᠯᠠᠨ ᠡᠰᠢᠲᠦ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠠᠵᠤ ᠦᠢᠯᠡᠰ ᠤᠨ | ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ | ᠶᠠᠭᠠᠬᠢᠵᠤ ᠡᠯᠰᠡᠬᠦ ᠪᠤᠢ︖ ᠳᠠᠷᠤᠶ ᠦᠵᠡᠯᠲᠡ ᠪᠠᠨ ᠰᠢᠨᠡᠳᠬᠡᠬᠦ ᠲᠠᠯ᠎ᠠ ᠪᠠᠷ ︽ᠰᠢᠪᠲᠤᠯᠤᠯᠲᠠ | ᠭᠠᠷᠭᠠᠬᠤ ᠪᠠᠷ ᠴᠢᠷᠮᠠᠶᠢᠵᠤ︾᠂ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠮᠥᠷᠲᠡᠭᠡᠨ ᠪᠠᠰᠠ ᠳᠣᠲᠣᠭᠠᠳᠤ ᠳᠠᠭᠠᠨ | ᠠᠮᠢᠳᠤᠯᠢᠭ ᠪᠣᠯᠭᠠᠬᠤ ᠬᠡᠷᠡᠭᠲᠡᠶ᠂ ᠪᠠᠰᠠ ᠳᠡᠭᠡᠳᠦ ᠱᠠᠲᠤᠨ ᠳᠤ ᠬᠠᠨᠳᠤᠬᠤ ᠪᠠᠷ ᠴᠢᠷᠮᠠᠶᠢᠬᠤ ᠬᠡᠷᠡᠭᠲᠡᠶ᠃ ᠰᠢᠩ ᠾᠧ | ᠰᠢᠶᠠᠨ ᠤ ᠬᠢᠨ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢᠨ ᠲᠠᠯ᠎ᠠ ᠪᠠᠷ ︽ᠰᠢᠪᠲᠤᠯᠤᠯᠲᠠ ᠶᠢ ᠡᠷᠢᠯᠬᠢᠯᠡᠵᠦ︾᠂ | ᠤᠯᠠᠨ ᠡᠰᠢᠴᠢᠯᠡᠭᠰᠡᠨ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠦᠢᠯᠡᠳᠦᠯ ᠢ ᠳᠤᠪᠤᠶᠢᠯᠭᠠᠵᠤ᠂ ︽ᠶᠡᠬᠡᠪᠡᠷ ᠠᠷᠠᠯᠵᠢᠶᠠᠴᠢᠨ ᠤᠷᠢᠬᠤ︾ ᠤᠢᠢᠯᠠᠭᠠᠭᠳᠠᠬᠤᠨ ᠢ ᠪᠤᠢ ᠪᠣᠯᠭᠠᠪᠠ︔ | ᠡᠯᠧᠮᠧᠨ᠋ᠲ ᠤᠨ ᠪᠠᠲᠤᠯᠠᠭ᠎ᠠ ᠶᠢᠨ ᠲᠠᠯ᠎ᠠ ᠪᠠᠷ ︽ᠰᠢᠪᠲᠤᠯᠤᠯᠲᠠ ᠭᠠᠷᠭᠠᠵᠤ︾᠂ ᠭᠠᠵᠠᠷ ᠰᠢᠷᠣᠶ ᠶᠢᠨ ᠪᠠᠲᠤᠯᠠᠭ᠎ᠠ ᠶᠢᠨ | ᠲᠠᠯ᠎ᠠ ᠪᠠᠷ᠂ ᠪᠠᠯᠠ ᠲᠣᠬᠢᠷᠠᠭᠤᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ᠠᠵᠢᠯᠴᠢᠨ ᠬᠡᠷᠡᠭᠯᠡᠬᠦ ᠪᠠᠲᠤᠯᠠᠭ᠎ᠠ ᠶᠢᠨ | ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠠᠯ᠎ᠠ ᠪᠠᠷ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠷᠤᠭ ᠤᠨ ᠵᠢᠭᠰᠠᠯ ᠢ ᠵᠢᠷᠤᠵᠤ᠂ ᠬᠤᠳᠠᠯᠳᠤᠭᠠᠴᠢᠨ ᠤᠷᠢᠬᠤ | ᠡᠭᠦᠷᠭᠡ ᠶᠢᠨ ︽ᠪᠠᠲᠤᠯᠠᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠰᠠᠷ᠎ᠠ ᠪᠦᠷᠢ ᠬᠤᠳᠠᠯᠳᠤᠭᠠᠴᠢᠨ | ᠤᠷᠢᠬᠤ ᠠᠬᠢᠴᠠ ᠶᠢ ᠳᠣᠭᠢᠷᠠᠭᠤᠯᠤᠨ᠂ ᠤᠯᠠᠷᠢᠯ ᠪᠦᠷᠢ ᠳᠤ ᠭᠡᠷ᠎ᠡ ᠲᠣᠭᠲᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ | ᠨᠣᠷᠮ᠎ᠠ᠂ ᠪᠣᠳᠠᠲᠠᠶᠢᠵᠢᠭᠤᠯᠤᠭᠰᠠᠨ ᠨᠣᠷᠮ᠎ᠠ᠂ ᠪᠠᠯᠠ ᠮᠥᠩᠭᠦ ᠶᠢᠨ ᠪᠣᠳᠠᠲᠠᠶᠢᠵᠢᠭᠰᠠᠨ ᠨᠣᠷᠮ᠎ᠠ ᠶᠢ ᠢᠯᠡ ᠨᠡᠶᠢᠲᠡᠯᠡᠵᠦ | ᠠᠳᠠᠯᠢᠳᠬᠠᠨ ᠰᠢᠯᠭᠠᠷᠠᠭᠤᠯᠵᠤ᠂ ᠠᠳᠠᠯᠢᠳᠬᠠᠨ ᠰᠤᠷᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ ᠪᠠᠷ | ᠳᠠᠮᠵᠢᠭᠤᠯᠤᠨ ︽ᠤᠯᠠᠭᠠᠨ᠂ ᠰᠢᠷ᠎ᠠ᠂ ᠨᠣᠭᠤᠭᠠᠨ︾ ᠤ ᠬᠠᠮᠢᠶᠠᠷᠤᠯᠲᠠ ᠶᠢᠨ ᠡᠬᠡ ᠲᠠᠩᠰᠠ ᠶᠢ ᠭᠦᠢᠴᠡᠳᠭᠡᠵᠦ᠂ | ᠪᠣᠳᠠᠲᠠᠶᠢᠵᠢᠭᠤᠯᠤᠭᠰᠠᠨ ᠲᠥᠷᠥᠯ ᠵᠦᠢᠯ ᠤᠨ ᠭᠠᠷᠳᠠᠮ ᠢ ᠭᠦᠢᠴᠡᠳᠭᠡᠭᠰᠡᠨ ᠪᠠᠶᠢᠳᠠᠯ ᠢ ᠭᠠᠷᠠᠭ ᠪᠦᠷᠢ ᠨᠢᠭᠡ | ᠭᠠᠷᠠᠭ ᠲᠤ ᠳᠣᠭᠢᠷᠠᠭᠤᠯᠵᠤ᠂ ᠬᠠᠭᠠᠰ ᠰᠠᠷ᠎ᠠ ᠳᠤ ᠨᠢᠭᠡ ᠤᠳᠠᠭ᠎ᠠ ᠵᠠᠷᠯᠠᠨ ᠮᠡᠳᠡᠭᠳᠡᠵᠦ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠭᠠᠳᠠᠭᠰᠢ ᠭᠠᠷᠴᠤ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠨ᠎ᠠ | ᠭᠠᠳᠠᠭᠰᠢ ᠭᠠᠷᠬᠤ᠂ ᠣᠷᠣᠭᠤᠯᠵᠤ ᠠᠪᠴᠢᠷᠠᠬᠤ ᠪᠣᠯ ᠬᠤᠳᠠᠯᠳᠤᠭᠠᠴᠢᠨ ᠤᠷᠢᠬᠤ ᠶᠢᠨ ᠵᠠᠩᠭᠢᠯᠠᠭ᠎ᠠ ᠮᠥᠨ᠃ | 2022 ᠣᠨ ᠳᠤ᠂ ᠪᠦᠬᠦ ᠰᠢᠶᠠᠨ ᠢᠶᠠᠷ ᠢᠶᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ | ᠰᠢᠨ᠎ᠡ ᠰᠢᠪᠲᠤᠯᠤᠯᠲᠠ ᠲᠠᠢ ᠪᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ | ᠰᠢᠨ᠎ᠡ ᠠᠬᠢᠴᠠ ᠲᠠᠢ ᠪᠤᠯᠵᠤ᠂ ᠰᠢᠩ ᠾᠧ ᠰᠢᠶᠠᠨ ᠤ ᠬᠢᠨ ᠳᠡᠭᠡᠳᠦ ᠱᠠᠳᠤ ᠨᠢ ᠲᠤᠤᠷᠠᠳᠦ ᠱᠠᠳᠤ ᠪᠠᠨ ᠳᠠᠭᠠᠭᠤᠯᠬᠤ | ︽ᠡᠭᠦᠷᠭᠡ ᠳᠠᠷᠤᠬᠤ︾ ᠶᠢ ᠪᠠᠷᠢᠮᠲᠠᠯᠠᠵᠤ᠂ ︽4+37+N︾ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠤᠨ ᠲᠣᠭᠲᠠᠴᠠ ᠶᠢ ᠪᠠᠶᠢᠭᠤᠯᠵᠤ᠂ ᠲᠦᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ ᠪᠠᠷ | ᠲᠦᠷᠦᠭᠦᠯᠡᠭᠦᠯᠦᠭᠰᠡᠨ᠂ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠪᠠᠷ ᠳᠠᠭᠠᠭᠤᠯᠤᠭᠰᠠᠨ 37 ᠠᠷᠠᠯᠵᠢᠶᠠᠴᠢᠨ | ᠤᠷᠢᠬᠤ ᠳᠤᠭᠤᠶᠢᠯᠠᠩ ᠢ ᠪᠠᠶᠢᠭᠤᠯᠵᠤ᠂ ᠡᠭᠦᠷᠭᠡ ᠶᠢ ᠬᠡᠮᠵᠢᠶᠡᠵᠢᠭᠦᠯᠵᠦ᠂ ᠠᠵᠢᠯ ᠤᠨ ᠬᠤᠪᠢᠶᠠᠷᠢᠯᠠᠯ ᠢ | ᠨᠠᠷᠢᠯᠢᠬᠵᠢᠭᠤᠯᠵᠤ᠂ ᠪᠦᠯᠬᠦᠮ ᠵᠣᠬᠢᠶᠠᠨ ᠪᠠᠶᠢᠭᠤᠯᠵᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ | ᠂ ᠬᠥᠮᠦᠨ ᠪᠣᠯᠭᠠᠨ ᠡᠭᠦᠷᠭᠡ ᠬᠠᠷᠢᠭᠤᠴᠠᠯᠭ᠎ᠠ ᠲᠠᠢ ᠠᠵᠢᠯ ᠤᠨ ᠠᠭᠤᠷ ᠠᠮᠢᠰᠬᠤᠯ ᠢ ᠪᠤᠢ ᠪᠣᠯᠭᠠᠪᠠ᠃ ᠪᠥᠬᠦ ᠵᠢᠯ ᠳᠤ | 38 ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠳᠤ ᠭᠡᠷ᠎ᠡ ᠲᠣᠭᠲᠠᠵᠤ᠂ 251. | 28 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠵᠥᠪᠳᠡᠯᠴᠡᠨ ᠲᠣᠭᠲᠠᠵᠤ᠂ ᠵᠢᠯ ᠤᠨ ᠳᠣᠲᠣᠷ᠎ᠠ 30. | 77 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 7. | 5 ᠳᠠᠬᠢᠨ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠠᠭᠠᠨᠴᠠᠪ ᠬᠤᠲᠠ ᠶᠢᠨ ᠨᠢᠭᠡᠳᠦᠭᠡᠷ ᠲᠤ ᠣᠷᠣᠪᠠ᠃ | 2023 ᠣᠨ ᠳᠤ᠂ ᠰᠢᠩ ᠾᠧ ᠰᠢᠶᠠᠨ ᠤ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠶᠡᠬᠡᠪᠡᠷ ᠠᠳᠬᠤᠬᠤ ᠰᠢᠨ᠎ᠡ ᠪᠠᠶᠢᠳᠠᠯ ᠤᠨ | ᠳᠣᠣᠷ᠎ᠠ᠂ ᠳᠡᠭᠡᠳᠦ ᠪᠠᠶᠢᠷᠢ ᠶᠢᠨ ᠠᠬᠢᠭᠤᠯᠤᠯᠲᠠ ᠪᠠᠷ ᠳᠠᠮᠵᠢᠭᠤᠯᠤᠨ᠂ ᠭᠤᠤᠯ ᠤᠳᠤᠷᠢᠳᠤᠯᠭ᠎ᠠ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠭᠯᠡᠯ ᠢᠶᠠᠨ ᠲᠣᠭᠲᠠᠭᠠᠨ᠂ ᠰᠡᠳᠬᠢᠴᠡ ᠪᠠᠨ ᠲᠣᠳᠣᠷᠬᠠᠶᠢᠯᠠᠵᠤ᠂ | ᠠᠶᠢᠵᠠᠮ ᠢ ᠠᠵᠢᠭᠯᠠᠵᠤ᠂ ᠰᠢᠩ ᠾᠧ ᠭᠠᠳᠠᠭᠠᠳᠤ ᠳᠤ ᠨᠤᠲᠤᠭ ᠲᠠᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠳᠡᠭᠡᠳᠦ ᠮᠡᠷᠭᠡᠵᠢᠯ ᠤᠨ | ᠠᠵᠢᠯᠲᠠᠨ᠂ ᠬᠤᠳᠠᠯᠳᠤᠭᠠᠴᠢᠳ ᠤᠨ ᠡᠪᠯᠡᠯ ᠤᠨ ᠬᠥᠮᠦᠰ᠂ ᠠᠵᠤ ᠠᠬᠤᠶᠢᠯᠠᠯᠲᠠᠨ ᠲᠠᠢ ᠢᠳᠡᠪᠬᠢᠲᠡᠶ ᠪᠠᠷ | ᠨᠡᠪᠲᠡᠷᠡᠯᠴᠡᠨ ᠬᠠᠷᠢᠯᠴᠠᠵᠤ᠂ ᠰᠢᠩ ᠾᠧ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠮᠡᠳᠡᠭᠡ | ᠵᠠᠩᠭᠢ ᠶᠢᠨ ᠬᠥᠮᠥᠷᠭᠡ︾ ︽ᠣᠶᠤᠨ ᠤ ᠤᠭᠤᠲᠠ ᠶᠢᠨ ᠬᠥᠮᠥᠷᠭᠡ︾ ᠪᠠ ᠳᠦᠷᠢᠮᠵᠢᠭᠰᠡᠨ ᠨᠡᠪᠲᠡᠷᠡᠯᠴᠡᠬᠦ ᠠᠷᠭ᠎ᠠ | ᠵᠠᠮ ᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢᠨ ᠢᠷᠡᠯᠲᠡ ᠶᠢ | ᠲᠠᠰᠤᠷᠠᠯᠲᠠ ᠥᠬᠡᠶ ᠥᠷᠭᠡᠳᠬᠡᠪᠡ᠃ ᠡᠭᠦᠨ ᠤ ᠬᠠᠮᠲᠤ᠂ ᠰᠢᠩ ᠡᡁᠧ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠡ ︽ᠪᠦᠬᠦ ᠰᠢᠶᠠᠨ ᠤ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ | ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠭᠠᠳ᠂ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠴᠢᠭᠯᠡᠯ | ᠪᠣᠯᠤᠨ ᠬᠠᠷᠠᠯᠲᠠ ᠡᠭᠦᠷᠭᠡ ᠶᠢ ᠲᠣᠳᠣᠷᠬᠠᠶᠢᠯᠠᠭᠰᠠᠨ ᠤ ᠬᠠᠮᠲᠤ ᠰᠢᠶᠠᠨ ᠤ ᠱᠠᠲᠤᠨ ᠤ ᠤᠳᠤᠷᠢᠳᠤᠯᠭ᠎ᠠ ᠪᠠᠷ | ᠲᠦᠷᠦᠭᠦᠯᠡᠭᠦᠯᠦᠭᠰᠡᠨ 38 ᠠᠷᠠᠯᠵᠢᠶᠠᠴᠢᠨ ᠤᠷᠢᠬᠤ ᠳᠤᠭᠤᠶᠢᠯᠠᠩ ᠢ ᠪᠠᠶᠢᠭᠤᠯᠪᠠ᠃ ᠣᠳᠣᠬᠠᠨ ᠳᠤ᠂ ᠰᠢᠩ ᠾᠧ | ᠰᠢᠶᠠᠨ 2023 ᠣᠨ ᠳᠤ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ 10 ᠤᠳᠠᠭ᠎ᠠ ᠰᠢᠨᠵᠢᠯᠡᠨ ᠪᠠᠶᠢᠴᠠᠭᠠᠵᠤ᠂ | ᠠᠵᠤ ᠠᠬᠤᠶᠢᠯᠠᠯ ᠤᠨ ᠰᠢᠶᠠᠨ ᠳᠤ ᠢᠷᠡᠵᠦ ᠰᠢᠨᠵᠢᠯᠡᠨ ᠪᠠᠶᠢᠴᠠᠭᠠᠬᠤ ᠶᠢ 11 ᠤᠳᠠᠭ᠎ᠠ ᠵᠣᠯᠭᠠᠭᠤᠯᠵᠤ᠂ ᠨᠡᠶᠢᠲᠡ | 21 ᠤᠳᠠᠭ᠎ᠠ ᠵᠣᠯᠭᠠᠭᠤᠯᠪᠠ᠃ | ᠦᠢᠯᠡᠴᠢᠯᠡᠭᠡ ᠶᠢ ᠴᠢᠬᠤᠯᠠᠴᠢᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | ᠡᠵᠡᠩᠨᠡᠯᠲᠡ ᠶᠢᠨ ᠴᠢᠨᠠᠷ ᠰᠠᠶᠢᠲᠠᠢ ᠣᠷᠴᠢᠨ ᠲᠣᠭᠤᠷᠢᠨ ᠪᠣᠯ ᠠᠵᠤ ᠠᠬᠤᠶᠢᠯᠠᠯ ᠤᠨ ᠣᠷᠣᠰᠢᠨ ᠲᠣᠭᠲᠠᠨᠢᠵᠤ | ᠬᠥᠭᠵᠢᠬᠦ ᠶᠢᠨ ᠦᠩ ᠰᠢᠮᠡᠯᠢᠭ ᠬᠥᠷᠥᠰᠥ ᠰᠢᠷᠣᠢ ᠮᠥᠨ᠂ ᠨᠡᠩ ᠴᠤ ᠠᠵᠤ ᠠᠬᠤᠶᠢᠯᠠᠯ ᠤᠨ ︽ᠡᠯᠰᠡᠵᠦ ᠳᠡᠶᠢᠯᠬᠦ︾ | ︽ᠦᠯᠡᠳᠡᠭᠡᠵᠦ ᠳᠡᠶᠢᠯᠬᠦ︾ ᠶᠢᠨ ᠴᠢᠬᠤᠯᠠ ᠨᠥᠬᠦᠴᠡᠯ ᠮᠥᠨ᠃ | 2 ᠰᠠᠷ᠎ᠠ ᠶᠢᠨ 7 ᠤ ᠡᠳᠦᠷ᠂ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠳᠠᠷᠠᠭ᠎ᠠ᠂ ᠰᠢᠶᠠᠨ ᠤ ᠨᠠᠮ ᠤᠨ | ᠬᠤᠷᠢᠶᠠᠨ ᠤ ᠱᠦᠵᠢ ᠸᠠᠩ ᠬᠤᠢ ᠢᠦᠢ ᠨᠥᠬᠦᠷ ᠤᠨ ᠳᠠᠭᠠᠭᠤᠯᠤᠭᠴᠢ ᠨᠠᠷ ᠤᠷᠢᠳ ᠬᠤᠵᠢᠳ ᠥᠪᠥᠷ | ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠨ ᠱᠦᠨ | ᠢᠳᠡᠭᠡᠨ ᠤ ᠬᠢᠵᠠᠭᠠᠷᠲᠤ ᠺᠣᠮᠫᠠᠨᠢ ᠳᠤ ︽ᠶᠡᠬᠡᠪᠡᠷ ᠰᠤᠷᠪᠤᠯᠵᠢᠯᠠᠬᠤ᠂ ᠶᠡᠬᠡᠪᠡᠷ ᠪᠠᠶᠢᠴᠠᠭᠠᠨ ᠰᠤᠳᠤᠯᠬᠤ︾ ᠠᠵᠢᠯᠯᠠᠭ᠎ᠠ | ᠥᠷᠨᠢᠭᠦᠯᠵᠡᠢ᠃ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠪᠠᠶᠠᠷ ᠤᠨ ᠳᠠᠷᠠᠭᠠᠬᠢ | ᠦᠢᠯᠡᠳᠪᠦᠷᠢᠯᠡᠯ ᠡᠵᠡᠩᠨᠡᠯᠲᠡ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠥᠭᠵᠢᠯᠲᠡ ᠶᠢᠨ | ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠪᠣᠯᠤᠨ | ᠠᠵᠢᠯ ᠤᠨ ᠰᠠᠨᠠᠭᠤᠯᠭ᠎ᠠ ᠶᠢ ᠨᠢᠭᠤᠷᠳᠠᠨ ᠰᠣᠨᠣᠰᠴᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ | ᠪᠣᠭᠤᠮᠢ ᠶᠢᠨ ᠰᠢᠯᠲᠠᠭᠠᠨ ᠢ ᠭᠦᠨᠵᠡᠭᠡᠢ ᠵᠠᠳᠠᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠢ ᠰᠠᠶᠢᠲᠤᠷ ᠠᠳᠬᠤᠬᠤ ᠳᠤ ᠰᠠᠶᠢᠨ ᠳᠠᠭᠠᠭᠤᠯᠵᠤ᠂ ᠦᠯᠢᠭᠡᠷ ᠳᠠᠭᠤᠷᠢᠶᠠᠯ ᠦᠵᠡᠭᠦᠯᠪᠡ᠃ | ᠰᠢᠩ ᠡᡁᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠨᠥᠬᠦᠷ ︵ᠳᠤᠮᠳᠠ︶ ᠪᠦᠯᠬᠦᠮ | ᠳᠠᠭᠠᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠵᠦ ︽ᠶᠡᠬᠡᠪᠡᠷ ᠰᠤᠷᠪᠤᠯᠵᠢᠯᠠᠵᠤ ᠶᠡᠬᠡᠪᠡᠷ ᠪᠠᠶᠢᠴᠠᠭᠠᠨ | ᠰᠤᠳᠤᠯᠤᠯᠲᠠ ᠬᠢᠬᠦ︾ ᠠᠵᠢᠯᠯᠠᠭ᠎ᠠ ᠥᠷᠨᠢᠭᠦᠯᠵᠡᠢ᠃ ︵ᠰᠡᠭᠦᠳᠡᠷᠯᠡᠪᠡ︶ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠪᠠᠶᠢᠷᠢ ᠶᠢᠨ ᠵᠠᠮ | ᠬᠠᠷᠢᠯᠴᠠᠭᠠᠨ ᠤ ᠳᠠᠪᠠᠭᠤᠯᠢᠭ ᠪᠣᠯᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠳᠤ ᠲᠦᠰᠢᠭᠯᠡᠨ ᠬᠥᠮᠦᠰ ᠤᠨ | ᠬᠦᠷᠢᠶᠡᠯᠡᠯ ᠢ ᠤᠯᠬᠤ ᠪᠠᠷ ᠪᠠᠷᠠᠬᠤ ᠦᠭᠡᠢ᠂ ᠨᠡᠩ ᠴᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢᠶᠠᠷ ᠪᠡᠯᠡ ᠣᠷᠣᠭᠤᠯᠤᠭᠴᠢᠳ ᠢ ᠲᠠᠲᠠᠬᠤ ᠬᠡᠷᠡᠭᠲᠡᠶ᠂ ᠡᠨᠡ ᠨᠢ ᠪᠠᠰᠠ ᠴᠤ ᠦᠯᠡᠮᠵᠢ ᠤᠯᠠᠨ ᠪᠣᠳᠠᠲᠤ | ᠬᠦᠴᠦᠨ ᠲᠠᠢ ᠠᠵᠤ ᠠᠬᠤᠶᠢᠯᠠᠯ ᠤᠨ ᠰᠢᠩ ᠾᠧ ᠰᠢᠶᠠᠨ ᠳᠤ ᠣᠷᠣᠵᠤ ᠰᠠᠭᠤᠬᠤ ᠶᠢ ᠰᠣᠩᠭᠤᠭᠰᠠᠨ ᠤ | ᠰᠢᠯᠲᠠᠭᠠᠨ ᠤ ᠨᠢᠭᠡ ᠪᠣᠯᠤᠨ᠎ᠠ᠃ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠤ ᠬᠠᠮᠤᠭ ᠤᠨ ᠰᠠᠶᠢᠨ ᠭᠡᠵᠦ ᠪᠠᠶᠢᠬᠤ ᠥᠬᠡᠶ᠂ ᠨᠠᠩ ᠰᠠᠶᠢᠨ | ᠭᠡᠵᠦ ᠪᠠᠶᠢᠬᠤ ᠥᠬᠡᠶ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠴᠠ ᠪᠢᠰᠢ᠂ ᠳᠠᠭᠤᠰᠬᠤ | ᠴᠠᠭ ᠭᠡᠵᠦ ᠪᠠᠶᠢᠬᠤ ᠥᠬᠡᠶ᠂ ᠶᠠᠪᠤᠭᠳᠠᠬᠤ ᠴᠠᠭ ᠭᠡᠵᠦ ᠪᠠᠶᠢᠬᠤ ᠥᠬᠡᠶ᠃ ︽ᠮᠠᠨ ᠤ ᠠᠵᠤ ᠠᠬᠤᠶᠢᠯᠠᠯ | ᠰᠠᠭᠤᠷᠢᠰᠢᠬᠤ ᠠᠴᠠ ᠡᠮᠦᠨ᠎ᠡ᠂ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ | ᠣᠷᠳᠣᠨ ᠠᠴᠠ ᠮᠠᠨ ᠤ ᠠᠵᠤ ᠠᠬᠤᠶᠢᠯᠠᠯᠲᠠᠨ ᠢ ︿ᠥᠪᠡᠷ ᠤᠨ ᠬᠥᠮᠦᠨ﹀ ᠪᠣᠯᠭᠠᠵᠤ᠂ ᠠᠵᠤ ᠠᠬᠤᠶᠢᠯᠠᠯ ᠤᠨ | ᠶᠠᠪᠤᠳᠠᠯ ᠢ ︿ᠥᠪᠡᠷ ᠤᠨ ᠶᠠᠪᠤᠳᠠᠯ﹀ ᠪᠣᠯᠭᠠᠵᠤ᠂ ᠮᠠᠨ ᠤ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ | ᠬᠠᠪᠰᠤᠷᠤᠨ ᠪᠠᠴᠢᠮ ᠲᠤᠯᠭᠠᠮ᠎ᠠ ᠪᠠ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ ᠥᠭᠲᠡᠭ ᠶᠤᠮ︾᠃ ᠭᠡᠵᠦ | ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠬᠤᠢ | ᠴᠤᠸᠠᠨ ᠬᠡᠯᠡᠪᠡ᠃ | ᠠᠵᠤ ᠠᠬᠤᠶᠢᠯᠠᠯ ᠶᠠᠭᠤ ᠶᠢ ᠠᠩᠬᠠᠷᠪᠠᠯ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ | ᠵᠠᠰᠠᠭ ᠤᠨ ᠣᠷᠳᠣᠨ ᠳᠠᠷᠤᠢ ᠶᠠᠭᠤ ᠶᠢ ᠠᠩᠬᠠᠷᠤᠨ᠎ᠠ᠃ ᠡᠶᠢᠮᠦ ᠠᠴᠠ᠂ ᠰᠢᠩ ᠡᡁᠧ ᠰᠢᠶᠠᠨ ︽ᠰᠢᠩ ᠡᡁᠧ | ᠰᠢᠶᠠᠨ ᠤ ᠭᠠᠵᠠᠷ ᠤᠨ ᠲᠡᠰ ᠤᠨ ᠤᠳᠤᠷᠢᠳᠬᠤ ᠺᠠᠳ᠋ᠷ ᠠᠵᠤ ᠠᠬᠤᠶᠢᠯᠠᠯ ᠳᠤ ᠭᠦᠨᠵᠡᠭᠡᠶᠢᠷᠡᠵᠦ ︿ᠶᠡᠬᠡᠪᠡᠷ | ᠰᠤᠷᠪᠤᠯᠵᠢᠯᠠᠬᠤ᠂ ᠶᠡᠬᠡᠪᠡᠷ ᠪᠠᠶᠢᠴᠠᠭᠠᠨ ᠰᠤᠳᠤᠯᠤᠯᠲᠠ ᠬᠢᠬᠦ﹀ ᠠᠵᠢᠯᠯᠠᠭ᠎ᠠ ᠥᠷᠨᠢᠭᠦᠯᠬᠦ ᠲᠥᠰᠦᠯ︾ ᠢ ᠲᠣᠭᠲᠠᠭᠠᠨ | ᠳᠠᠷᠤᠮᠠᠯᠯᠠᠨ ᠲᠠᠷᠬᠠᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ︽ᠲᠡᠷᠢᠭᠦᠨ ᠳᠤ | ᠲᠠᠯᠪᠢᠬᠤ︾ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠦᠴᠦᠨ ᠦᠭᠡᠢ ᠪᠣᠯᠭᠠᠭᠰᠠᠨ᠂ ᠳᠤᠬᠢᠷᠠᠭᠤᠯᠤᠯᠳᠠ ᠬᠢᠭᠰᠡᠨ | ᠪᠠ ᠬᠦᠯᠢᠶᠡᠨ ᠠᠪᠤᠭᠰᠠᠨ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠡᠮᠬᠢᠯᠡᠵᠦ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠢ ᠦᠷᠭᠦᠯᠵᠢᠯᠡᠨ ᠪᠠᠭᠠᠰᠬᠠᠵᠤ᠂ ᠬᠠᠮᠢᠶᠠᠷᠬᠤ ᠶᠣᠰᠣᠲᠠᠢ ᠶᠢ ᠨᠢ ᠰᠠᠶᠢᠲᠤᠷ ᠬᠠᠮᠢᠶᠠᠷᠴᠤ᠂ | ᠬᠠᠮᠢᠶᠠᠷᠬᠤ ᠶᠣᠰᠣ ᠦᠭᠡᠢ ᠶᠢ ᠨᠢ ᠦᠨᠡᠨᠬᠦ ᠭᠦᠢᠴᠡᠳ ᠲᠠᠯᠪᠢᠵᠤ᠂ ᠵᠠᠬ᠎ᠠ ᠳᠡᠯᠭᠡᠭᠦᠷ ᠤᠨ ᠬᠦᠯᠢᠶᠡᠰᠦᠯᠡᠯ ᠢ ᠦᠨᠡᠨᠬᠦ | ᠰᠤᠯᠠᠯᠠᠵᠠᠢ᠃ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠠᠷ | ᠰᠢᠪᠲᠤᠯᠤᠯᠲᠠ ᠶᠢᠨ ᠴᠡᠭ ᠪᠣᠯᠭᠠᠵᠤ᠂ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ | ᠬᠤᠳᠠ ᠶᠢᠨ ᠶᠡᠭᠡ ᠲᠠᠷᠢᠬᠢᠨ ᠤ ᠪᠠᠶᠢᠭᠤᠯᠤᠯᠲᠠ ᠶᠢ ᠲᠦᠷᠭᠡᠳᠬᠡᠵᠦ᠂ ᠲᠤᠭ᠎ᠠ ᠪᠠᠷᠢᠮᠲᠠ ᠶᠢᠨ ᠵᠦᠷᠢᠶ᠎ᠡ ᠶᠢ ᠠᠷᠢᠯᠭᠠᠵᠤ | ᠂ ᠮᠡᠳᠡᠭᠡ ᠵᠠᠩᠭᠢ ᠶᠢᠨ ᠥᠨᠥᠴᠢᠨ ᠠᠷᠠᠯ ᠢ ᠡᠪᠳᠡᠵᠦ᠂ ᠲᠤᠭ᠎ᠠ ᠪᠠᠷᠢᠮᠲᠠ ᠶᠢ ᠢᠯᠡᠭᠦᠦ ᠭᠦᠶᠦᠯᠭᠡᠬᠦ᠂ ᠤᠯᠠᠨ | ᠲᠦᠮᠡᠨ ᠢ ᠳᠤᠲᠠᠭᠤ ᠭᠦᠶᠦᠯᠭᠡᠬᠦ ᠶᠢ ᠦᠨᠡᠨᠬᠦ ᠪᠡᠶᠡᠯᠡᠭᠦᠯᠵᠦ᠂ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ ᠤᠨ | ᠶᠠᠪᠤᠳᠠᠯ ᠤᠨ ᠣᠷᠴᠢᠨ ᠲᠣᠭᠤᠷᠢᠨ᠂ ᠥᠷᠢᠰᠥᠯᠳᠦᠭᠡᠨ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ | ᠲᠣᠭᠤᠷᠢᠨ᠂ ᠡᠷᠬᠡ ᠲᠡᠭᠰᠢ ᠲᠥᠪ ᠭᠤᠣᠯᠴᠢ ᠬᠠᠤᠯᠢᠵᠢᠯ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠨ᠎ᠠ᠃ | ᠰᠢᠨ᠎ᠡ ᠠᠶᠠᠨ ᠳᠤ᠂ ᠠᠷᠠᠯᠵᠢᠶᠠᠴᠢᠨ ᠤᠷᠢᠬᠤ ᠠᠯᠬᠤᠭ᠎ᠠ ᠪᠠᠨ ᠵᠤᠬᠰᠤᠰᠢ ᠦᠭᠡᠢ᠂ ᠠᠵᠤ ᠠᠬᠤᠶᠢᠯᠠᠯ ᠳᠤ | ᠠᠰᠢᠭ ᠬᠦᠷᠲᠡᠭᠡᠬᠦ ᠳᠤ ᠬᠠᠯᠠᠭᠤᠨ ᠰᠡᠳᠬᠢᠯ ᠲᠠᠢ᠂ ᠬᠡᠷᠡᠭᠵᠢᠭᠦᠯᠬᠦ ᠳᠤ ᠡᠷᠴᠢᠮ ᠲᠠᠢ ᠁ ᠰᠢᠨ᠎ᠡ ᠭᠠᠷᠤᠭ᠎ᠠ | ᠳᠡᠭᠡᠷ᠎ᠡ᠂ ᠰᠢᠩ ᠡᡁᠧ ᠰᠢᠶᠠᠨ ᠤ ᠬᠢᠨ ᠨᠡᠩ ᠴᠤᠭ ᠪᠠᠳᠠᠷᠠᠩᠭᠤᠢ ᠲᠦᠷᠢ ᠲᠥᠷᠬᠦ ᠪᠠᠷ ᠲᠦᠷᠪᠡᠨ ᠵᠦᠭ ᠤᠨ | ᠵᠣᠴᠢᠳ ᠢ ᠥᠷᠭᠡᠨ ᠢᠶᠠᠷ ᠴᠤᠭᠯᠠᠭᠤᠯᠵᠤ᠂ ᠬᠥᠭᠵᠢᠯᠲᠡ ᠶᠢ ᠡᠷᠢᠯᠬᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠭᠰᠠᠨ ᠦᠷ᠎ᠡ ᠪᠦᠲᠦᠮᠵᠢ ᠪᠠᠷ ᠢᠶᠠᠨ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠬᠥᠭᠵᠢᠯ | ᠮᠠᠨᠳᠤᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ ︵ᠵᠣᠬᠢᠶᠠᠭᠴᠢ᠄ ᠵᠦᠩ ᠵᠧᠨ ᠵᠢᠶᠦ᠋ᠨ︶ | | ᠵᠣᠬᠢᠶᠠᠭᠴᠢ᠄ ᠵᠦᠩ ᠵᠧᠨ ᠵᠢᠶᠦ᠋ᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |