ᠰᠢᠩ ᠾᠧ ᠰᠢᠶᠠᠨ᠄ ᠬᠠᠮ ᠨᠢᠳᠤᠷᠭ᠎ᠠ ᠪᠠᠨ ᠰᠠᠶᠢᠲᠤᠷ ᠬᠡᠷᠡᠭᠯᠡᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢᠨ ︽ᠬᠤᠷᠳᠤᠴᠠ ᠪᠠᠨ ᠨᠡᠮᠡᠭᠳᠡᠭᠦᠯᠬᠦ︾ ᠠᠷᠭ᠎ᠠ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2023/2/14
     ︽ᠤᠶᠠᠩᠭᠠᠲᠤ ᠮᠣᠳᠣ︾᠎ ᠶᠢ ᠰᠠᠶᠢᠲᠤᠷ ᠳᠠᠷᠢᠵᠤ᠂ ︽ᠭᠠᠷᠤᠳᠢ︾᠎ ᠶᠢ ᠠᠪᠴᠢᠷᠠᠨ ᠰᠠᠭᠤᠯᠭᠠᠨ᠎ᠠ᠃ ᠤᠢᠢᠷ᠎ᠠ ᠶᠢᠨ ᠵᠢᠯ ᠠᠴᠠ᠂ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ︽ᠲᠡᠷᠢᠭᠦᠨ ᠢᠨᠵᠧᠨᠧᠷᠢᠩ ︾ ᠪᠣᠯᠭᠠᠨ ᠠᠳᠬᠤᠵᠤ᠂ ᠰᠢᠩ ᠡᡁᠧ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠤᠯᠠᠨ ᠰᠠᠯᠠᠭ᠎ᠠ ᠮᠥᠴᠢᠷ ᠤᠨ ᠬᠢᠨ ᠵᠣᠬᠢᠴᠠᠭᠤᠯᠵᠤ᠂ ᠰᠢᠯᠢᠳᠡᠭ ᠲᠦᠷᠦᠯ ᠵᠦᠢᠯ ᠤᠳ ᠢ ᠰᠢᠩ ᠡᡁᠧ ᠶᠢᠨ ᠡᠭᠡ ᠭᠠᠵᠠᠷ ᠲᠤ ᠨᠠᠶᠢᠳᠠᠪᠤᠷᠢᠵᠢᠭᠤᠯᠤᠨ ᠳᠡᠯᠭᠡᠷᠡᠭᠦᠯᠵᠦ᠂ ᠳ᠋ᠠ ᠮᠧᠢ ᠰᠢᠩ ᠡᡁᠧ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃      ᠰᠢᠩ ᠾᠧ ᠰᠢᠶᠠᠨ ᠤ ᠬᠤᠲᠠ ᠶᠢᠨ ᠶᠡᠭᠡ ᠵᠠᠮ ︵ᠢᠷᠡᠯᠲᠡ᠄ ᠰᠢᠩ ᠾᠧ ᠰᠢᠶᠠᠨ ᠤ ᠬᠠᠮ ᠵᠠᠭᠤᠴᠢᠯᠠᠭᠤᠷ ᠤᠨ ᠲᠥᠪ︶      ᠨᠠᠷᠢᠨ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠪᠠᠶᠢᠷᠢᠯᠠᠭᠤᠯᠬᠤ ᠶᠢᠨ ᠲᠥᠯᠥᠭᠡ ᠬᠥᠭ ᠠᠶᠠᠰ ᠢᠶᠠᠨ ᠲᠣᠭᠲᠠᠭᠠᠵᠤ ᠪᠠᠶᠢᠷᠢᠯᠠᠭᠤᠯᠪᠠ      ᠬᠡᠷᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ᠪᠡᠯᠡ ᠣᠷᠣᠭᠤᠯᠤᠯᠲᠠ ᠶᠢᠨ ᠥᠨᠳᠦᠷᠯᠢᠭ ᠢ ᠴᠣᠭᠴᠠᠯᠠᠬᠤ ᠪᠤᠢ︖ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠡᠭᠦᠨ ᠢ ᠢᠮᠠᠭᠲᠠ ᠴᠢᠬᠤᠯᠠ ᠰᠡᠳᠦᠪ ᠪᠣᠯᠭᠠᠵᠤ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠲᠦᠷᠦᠯ ᠵᠦᠢᠯ ᠢ ᠨᠠᠷᠢᠨ ᠨᠢᠮᠪᠠᠢ ᠨᠥᠭᠡᠴᠡᠯᠡᠵᠦ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃      2 ᠰᠠᠷ᠎ᠠ ᠶᠢᠨ 7᠎ ᠤ ᠡᠳᠦᠷ᠂ ᠰᠢᠩ ᠡᡁᠧ ᠰᠢᠶᠠᠨ ᠤ ᠬᠢᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠪᠠ᠃ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠪᠠᠲᠤᠳᠬᠠᠨ ᠠᠬᠢᠭᠤᠯᠬᠤ ᠳᠤ᠂ ᠰᠠᠭᠤᠷᠢ ᠨᠢ ᠠᠵᠤ ᠦᠢᠯᠡᠰ ᠲᠤ ᠪᠤᠢ᠂ ᠵᠠᠩᠭᠢᠯᠠᠭ᠎ᠠ ᠨᠢ ᠲᠦᠷᠦᠯ ᠵᠦᠢᠯ ᠳᠤ ᠲᠦᠰᠢᠭᠯᠡᠵᠦ᠂ ᠰᠢᠪᠲᠤᠯᠤᠯᠲᠠ ᠨᠢ ᠬᠤᠳᠠᠯᠳᠤᠭᠠᠴᠢᠨ ᠤᠷᠢᠬᠤ ᠳᠤ ᠪᠤᠢ᠂ ︽ᠶᠠᠭᠤ ᠡᠯᠰᠡᠬᠦ︾ ︽ᠶᠠᠭᠠᠬᠢᠵᠤ ᠡᠯᠰᠡᠬᠦ︾᠎ ᠶᠢ ᠲᠣᠳᠣᠷᠬᠠᠶᠢᠯᠠᠵᠤ᠂ ᠰᠢᠩ ᠡᡁᠧ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠴᠢᠭᠯᠡᠯ ᠢ ᠲᠣᠭᠲᠠᠭᠠᠨ ᠥᠭᠴᠡᠢ᠃      ᠰᠢᠩ ᠾᠧ ᠰᠢᠶᠠᠨ ᠤ ᠬᠢᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠪᠠ᠃ ︵ᠰᠡᠭᠦᠳᠡᠷᠯᠡᠪᠡ︶      ᠡᠬᠢᠯᠡᠯᠲᠡ ᠶᠢᠨ ᠬᠤᠭᠤᠴᠠᠭᠠᠨ ᠳᠤ ᠲᠦᠷᠭᠡᠨ ᠳᠠᠪᠬᠢᠵᠤ᠂ ᠪᠦᠬᠦ ᠲᠠᠯ᠎ᠠ ᠰᠠᠶ᠋ᠢ ᠨᠡᠩ ᠰᠠᠶᠢᠨ ᠪᠤᠯᠵᠤ ᠴᠢᠳᠠᠨ᠎ᠠ ︔ ᠡᠬᠢᠯᠡᠬᠦ ᠳᠤ ᠬᠤᠷᠳᠤᠴᠠ ᠪᠠᠨ ᠲᠦᠷᠭᠡᠳᠬᠡᠵᠦ᠂ ᠬᠤᠶᠢᠰᠢᠳᠠ ᠶᠢᠨ ᠵᠠᠮ ᠤᠨ ᠢᠳᠡ ᠬᠦᠴᠦ ᠰᠠᠶ᠋ᠢ ᠲᠡᠭᠦᠯᠳᠡᠷ ᠪᠠᠶᠢᠳᠠᠭ᠃ ︽ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠡᠷᠢᠭᠦᠨ ᠪᠠᠶᠢᠷᠢ ᠶᠢᠨ ᠤᠬᠠᠮᠰᠠᠷ ᠢᠶᠠᠨ ᠪᠠᠲᠤᠳᠬᠠᠵᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠪᠤᠳᠠᠯ ᠢ ︿ᠲᠡᠷᠢᠭᠦᠨ ᠴᠢᠬᠤᠯᠠ ᠢᠨᠵᠧᠨᠧᠷᠢᠩ﹀ ᠪᠣᠯᠭᠠᠵᠤ᠂ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠴᠦ᠂ ᠭᠠᠷ ᠲᠠᠭᠠᠨ ᠠᠳᠬᠤᠵᠤ᠂ ᠠᠵᠢᠯ ᠳᠠᠭᠠᠨ ᠨᠠᠶᠢᠳᠠᠪᠤᠷᠢᠵᠢᠭᠤᠯᠵᠤ᠂ ︿ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ﹀᠎ ᠶᠢ ᠪᠠᠷᠢᠮᠲᠠᠯᠠᠨ᠂ ᠨᠢᠭᠡ ᠲᠠᠯ᠎ᠠ ᠪᠠᠷ ᠬᠤᠳᠠᠯᠳᠤᠭᠠᠴᠢᠨ ᠤᠷᠢᠬᠤ ᠶᠢ ᠠᠳᠬᠤᠵᠤ᠂ ᠨᠥᠭᠦᠭᠡ ᠲᠠᠯ᠎ᠠ ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠳᠬᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠭᠦᠨᠵᠡᠭᠡᠶ ᠨᠠᠶᠢᠳᠠᠪᠤᠷᠢᠵᠢᠭᠤᠯᠤᠨ᠂ ︿ᠴᠠᠭ ᠪᠢᠳᠡᠨ ᠢ ᠬᠦᠯᠢᠶᠡᠬᠦ ᠥᠬᠡᠶ﹀ ᠪᠠᠶᠢᠬᠤ ᠲᠤᠯᠭᠠᠮ᠎ᠠ ᠰᠡᠳᠬᠢᠯᠭᠡ ᠪᠠᠷ ᠬᠤᠳᠠᠯᠳᠤᠭᠠᠴᠢᠨ ᠤᠷᠢᠵᠤ ᠪᠠᠯᠠ ᠲᠠᠲᠠᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠴᠢᠩᠭ᠎ᠠ ᠠᠳᠬᠤᠵᠤ᠂ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ︾ ᠭᠡᠵᠡᠶ᠃ ᠰᠢᠩ ᠡᡁᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷ᠎ᠡ ᠢᠩᠭᠢᠵᠦ ᠬᠡᠯᠡᠪᠡ᠃      ︽ᠶᠠᠭᠤ ᠡᠯᠰᠡᠬᠦ ᠪᠠᠷ ᠪᠠᠶᠢᠨ᠎ᠠ ᠪᠤᠶ︖︾ ᠭᠡᠵᠦᠳᠠᠷᠤᠶ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ᠂ ︽ᠲᠠᠪᠤᠨ ᠶᠡᠭᠡ ᠠᠵᠤ ᠠᠬᠤᠶ︾᠎ ᠶᠢ ᠬᠥᠭᠵᠢᠭᠦᠯᠬᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ︽ᠶᠠᠮᠠᠷ ᠨᠢ ᠳᠤᠲᠠᠪᠠᠯ ᠲᠡᠭᠦᠨ ᠢ ᠲᠠᠲᠠᠬᠤ᠂ ᠶᠠᠮᠠᠷ ᠨᠢ ᠪᠠᠭᠤᠷᠠᠶ ᠪᠣᠯ ᠲᠡᠭᠦᠨ ᠢ ᠨᠥᠬᠦᠪᠥᠷᠢᠯᠡᠬᠦ᠂ ᠶᠠᠮᠠᠷ ᠨᠢ ᠬᠦᠴᠦᠷᠬᠡᠭᠵᠢᠪᠡᠯ ᠲᠡᠭᠦᠨ ᠢ ᠨᠡᠮᠡᠭᠳᠡᠭᠦᠯᠬᠦ︾ ᠵᠠᠷᠴᠢᠮ ᠤᠨ ᠶᠣᠰᠣᠭᠠᠷ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠨᠥᠬᠦᠪᠥᠷᠢᠯᠡᠬᠦ᠂ ᠬᠡᠯᠬᠢᠶᠡᠵᠢᠯ ᠢ ᠴᠢᠩᠭᠠᠳᠬᠠᠬᠤ ᠶᠢ ᠠᠬᠢᠭᠤᠯᠵᠤ᠂ ᠨᠢᠭᠡ ᠪᠦᠯᠦᠭ ᠬᠥᠭᠵᠢᠯᠲᠡ ᠶᠢᠨ ᠢᠷᠡᠭᠡᠳᠦᠶ ᠲᠠᠢ ᠂ ᠨᠡᠮᠡᠯᠲᠡ ᠥᠷᠲᠡᠭ ᠢᠶᠠᠷ ᠥᠨᠳᠥᠷ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠲᠣᠮᠣ ᠳ᠋ᠠᠶᠢᠲ᠋ᠠ᠂ ᠳᠡᠭᠡᠳᠦ ᠦᠵᠦᠭᠦᠷ ᠤᠨ ᠲᠣᠨᠤᠭ ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠪᠠᠷᠠᠭᠠᠨ ᠤ  ᠭᠦᠢᠯᠭᠡᠭᠡ᠂ ᠨᠠᠰᠤᠵᠢᠯ ᠤᠨ ᠠᠰᠠᠷᠠᠮᠵᠢ ᠡᠷᠡᠭᠦᠯᠵᠢᠯ ᠰᠤᠪᠢᠯᠠᠯᠲᠠ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ ᠰᠦᠪᠡᠭᠴᠢᠯᠡᠨ ᠣᠷᠣᠭᠤᠯᠵᠤ ᠠᠪᠴᠢᠷᠠᠬᠤ ᠪᠠᠷ ᠴᠢᠷᠮᠠᠶᠢᠵᠤ᠂ ᠪᠥᠬᠦ ᠵᠢᠯ ᠳᠤ 120 ᠭᠠᠷᠤᠶ ᠲᠥᠷᠥᠯ ᠵᠦᠢᠯ ᠳᠤ ᠭᠡᠷ᠎ᠡ ᠲᠣᠭᠲᠠᠵᠤ᠂ ᠵᠢᠯ ᠤᠨ ᠳᠣᠲᠣᠷ᠎ᠠ 30 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠯᠠᠨ ᠡᠰᠢᠲᠦ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃      ᠶᠠᠭᠠᠬᠢᠵᠤ ᠡᠯᠰᠡᠬᠦ ᠪᠤᠢ︖ ᠳᠠᠷᠤᠶ ᠦᠵᠡᠯᠲᠡ ᠪᠠᠨ ᠰᠢᠨᠡᠳᠬᠡᠬᠦ ᠲᠠᠯ᠎ᠠ ᠪᠠᠷ ︽ᠰᠢᠪᠲᠤᠯᠤᠯᠲᠠ ᠭᠠᠷᠭᠠᠬᠤ ᠪᠠᠷ ᠴᠢᠷᠮᠠᠶᠢᠵᠤ︾᠂ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠮᠥᠷᠲᠡᠭᠡᠨ ᠪᠠᠰᠠ ᠳᠣᠲᠣᠭᠠᠳᠤ ᠳᠠᠭᠠᠨ ᠠᠮᠢᠳᠤᠯᠢᠭ ᠪᠣᠯᠭᠠᠬᠤ ᠬᠡᠷᠡᠭᠲᠡᠶ᠂ ᠪᠠᠰᠠ ᠳᠡᠭᠡᠳᠦ ᠱᠠᠲᠤᠨ ᠳᠤ ᠬᠠᠨᠳᠤᠬᠤ ᠪᠠᠷ ᠴᠢᠷᠮᠠᠶᠢᠬᠤ ᠬᠡᠷᠡᠭᠲᠡᠶ᠃ ᠰᠢᠩ ᠾᠧ ᠰᠢᠶᠠᠨ ᠤ ᠬᠢᠨ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢᠨ ᠲᠠᠯ᠎ᠠ ᠪᠠᠷ ︽ᠰᠢᠪᠲᠤᠯᠤᠯᠲᠠ ᠶᠢ ᠡᠷᠢᠯᠬᠢᠯᠡᠵᠦ︾᠂ ᠤᠯᠠᠨ ᠡᠰᠢᠴᠢᠯᠡᠭᠰᠡᠨ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢ ᠳᠤᠪᠤᠶᠢᠯᠭᠠᠵᠤ᠂ ︽ᠶᠡᠬᠡᠪᠡᠷ ᠠᠷᠠᠯᠵᠢᠶᠠᠴᠢᠨ ᠤᠷᠢᠬᠤ︾ ᠤᠢᠢᠯᠠᠭᠠᠭᠳᠠᠬᠤᠨ ᠢ ᠪᠤᠢ ᠪᠣᠯᠭᠠᠪᠠ︔ ᠡᠯᠧᠮᠧᠨ᠋ᠲ ᠤᠨ ᠪᠠᠲᠤᠯᠠᠭ᠎ᠠ ᠶᠢᠨ ᠲᠠᠯ᠎ᠠ ᠪᠠᠷ ︽ᠰᠢᠪᠲᠤᠯᠤᠯᠲᠠ ᠭᠠᠷᠭᠠᠵᠤ︾᠂ ᠭᠠᠵᠠᠷ ᠰᠢᠷᠣᠶ ᠶᠢᠨ ᠪᠠᠲᠤᠯᠠᠭ᠎ᠠ ᠶᠢᠨ ᠲᠠᠯ᠎ᠠ ᠪᠠᠷ᠂ ᠪᠠᠯᠠ ᠲᠣᠬᠢᠷᠠᠭᠤᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ᠠᠵᠢᠯᠴᠢᠨ ᠬᠡᠷᠡᠭᠯᠡᠬᠦ ᠪᠠᠲᠤᠯᠠᠭ᠎ᠠ ᠶᠢᠨ ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠷᠤᠭ ᠤᠨ ᠵᠢᠭᠰᠠᠯ ᠢ ᠵᠢᠷᠤᠵᠤ᠂ ᠬᠤᠳᠠᠯᠳᠤᠭᠠᠴᠢᠨ ᠤᠷᠢᠬᠤ ᠡᠭᠦᠷᠭᠡ ᠶᠢᠨ ︽ᠪᠠᠲᠤᠯᠠᠭ᠎ᠠ ᠶᠢᠨ ᠪᠢᠴᠢᠭ︾᠎ ᠲᠤ ᠭᠠᠷ ᠤᠨ ᠥᠰᠥᠭ ᠵᠢᠷᠤᠵᠤ᠂ ᠰᠠᠷ᠎ᠠ ᠪᠦᠷᠢ ᠬᠤᠳᠠᠯᠳᠤᠭᠠᠴᠢᠨ ᠤᠷᠢᠬᠤ ᠠᠬᠢᠴᠠ ᠶᠢ ᠳᠣᠭᠢᠷᠠᠭᠤᠯᠤᠨ᠂ ᠤᠯᠠᠷᠢᠯ ᠪᠦᠷᠢ ᠳᠤ ᠭᠡᠷ᠎ᠡ ᠲᠣᠭᠲᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠪᠣᠳᠠᠲᠠᠶᠢᠵᠢᠭᠤᠯᠤᠭᠰᠠᠨ ᠨᠣᠷᠮ᠎ᠠ᠂ ᠪᠠᠯᠠ ᠮᠥᠩᠭᠦ ᠶᠢᠨ ᠪᠣᠳᠠᠲᠠᠶᠢᠵᠢᠭᠰᠠᠨ ᠨᠣᠷᠮ᠎ᠠ ᠶᠢ ᠢᠯᠡ ᠨᠡᠶᠢᠲᠡᠯᠡᠵᠦ ᠠᠳᠠᠯᠢᠳᠬᠠᠨ ᠰᠢᠯᠭᠠᠷᠠᠭᠤᠯᠵᠤ᠂ ᠠᠳᠠᠯᠢᠳᠬᠠᠨ ᠰᠤᠷᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ ᠪᠠᠷ ᠳᠠᠮᠵᠢᠭᠤᠯᠤᠨ ︽ᠤᠯᠠᠭᠠᠨ᠂ ᠰᠢᠷ᠎ᠠ᠂ ᠨᠣᠭᠤᠭᠠᠨ︾᠎ ᠤ ᠬᠠᠮᠢᠶᠠᠷᠤᠯᠲᠠ ᠶᠢᠨ ᠡᠬᠡ ᠲᠠᠩᠰᠠ ᠶᠢ ᠭᠦᠢᠴᠡᠳᠭᠡᠵᠦ᠂ ᠪᠣᠳᠠᠲᠠᠶᠢᠵᠢᠭᠤᠯᠤᠭᠰᠠᠨ ᠲᠥᠷᠥᠯ  ᠵᠦᠢᠯ ᠤᠨ ᠭᠠᠷᠳᠠᠮ ᠢ ᠭᠦᠢᠴᠡᠳᠭᠡᠭᠰᠡᠨ ᠪᠠᠶᠢᠳᠠᠯ ᠢ ᠭᠠᠷᠠᠭ ᠪᠦᠷᠢ ᠨᠢᠭᠡ ᠭᠠᠷᠠᠭ ᠲᠤ ᠳᠣᠭᠢᠷᠠᠭᠤᠯᠵᠤ᠂ ᠬᠠᠭᠠᠰ ᠰᠠᠷ᠎ᠠ ᠳᠤ ᠨᠢᠭᠡ ᠤᠳᠠᠭ᠎ᠠ ᠵᠠᠷᠯᠠᠨ ᠮᠡᠳᠡᠭᠳᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃      ᠭᠠᠳᠠᠭᠰᠢ ᠭᠠᠷᠴᠤ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠨ᠎ᠠ      ᠭᠠᠳᠠᠭᠰᠢ ᠭᠠᠷᠬᠤ᠂ ᠣᠷᠣᠭᠤᠯᠵᠤ ᠠᠪᠴᠢᠷᠠᠬᠤ ᠪᠣᠯ ᠬᠤᠳᠠᠯᠳᠤᠭᠠᠴᠢᠨ ᠤᠷᠢᠬᠤ ᠶᠢᠨ ᠵᠠᠩᠭᠢᠯᠠᠭ᠎ᠠ ᠮᠥᠨ᠃      2022 ᠣᠨ ᠳᠤ᠂ ᠪᠦᠬᠦ ᠰᠢᠶᠠᠨ ᠢᠶᠠᠷ ᠢᠶᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠠᠬᠢᠴᠠ ᠲᠠᠢ ᠪᠤᠯᠵᠤ᠂ ᠰᠢᠩ ᠾᠧ ᠰᠢᠶᠠᠨ ᠤ ᠬᠢᠨ ᠳᠡᠭᠡᠳᠦ ᠱᠠᠳᠤ ᠨᠢ ᠲᠤᠤᠷᠠᠳᠦ ᠱᠠᠳᠤ ᠪᠠᠨ ᠳᠠᠭᠠᠭᠤᠯᠬᠤ ︽ᠡᠭᠦᠷᠭᠡ ᠳᠠᠷᠤᠬᠤ︾᠎ ᠶᠢ ᠪᠠᠷᠢᠮᠲᠠᠯᠠᠵᠤ᠂ ︽4+37+N︾ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠦᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ᠂ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠪᠠᠷ ᠳᠠᠭᠠᠭᠤᠯᠤᠭᠰᠠᠨ 37 ᠠᠷᠠᠯᠵᠢᠶᠠᠴᠢᠨ ᠤᠷᠢᠬᠤ ᠳᠤᠭᠤᠶᠢᠯᠠᠩ ᠢ ᠪᠠᠶᠢᠭᠤᠯᠵᠤ᠂ ᠡᠭᠦᠷᠭᠡ ᠶᠢ ᠬᠡᠮᠵᠢᠶᠡᠵᠢᠭᠦᠯᠵᠦ᠂ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠪᠦᠯᠬᠦᠮ ᠵᠣᠬᠢᠶᠠᠨ ᠪᠠᠶᠢᠭᠤᠯᠵᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ ᠂ ᠬᠥᠮᠦᠨ ᠪᠣᠯᠭᠠᠨ ᠡᠭᠦᠷᠭᠡ ᠬᠠᠷᠢᠭᠤᠴᠠᠯᠭ᠎ᠠ ᠲᠠᠢ ᠠᠵᠢᠯ ᠤᠨ ᠠᠭᠤᠷ ᠠᠮᠢᠰᠬᠤᠯ ᠢ ᠪᠤᠢ ᠪᠣᠯᠭᠠᠪᠠ᠃ ᠪᠥᠬᠦ ᠵᠢᠯ ᠳᠤ 38 ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠳᠤ ᠭᠡᠷ᠎ᠡ ᠲᠣᠭᠲᠠᠵᠤ᠂ 251.28 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠵᠥᠪᠳᠡᠯᠴᠡᠨ ᠲᠣᠭᠲᠠᠵᠤ᠂ ᠵᠢᠯ ᠤᠨ ᠳᠣᠲᠣᠷ᠎ᠠ 30.77 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 7.5 ᠳᠠᠬᠢᠨ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠠᠭᠠᠨᠴᠠᠪ ᠬᠤᠲᠠ ᠶᠢᠨ ᠨᠢᠭᠡᠳᠦᠭᠡᠷ ᠲᠤ ᠣᠷᠣᠪᠠ᠃      2023 ᠣᠨ ᠳᠤ᠂ ᠰᠢᠩ ᠾᠧ ᠰᠢᠶᠠᠨ ᠤ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠶᠡᠬᠡᠪᠡᠷ ᠠᠳᠬᠤᠬᠤ ᠰᠢᠨ᠎ᠡ ᠪᠠᠶᠢᠳᠠᠯ ᠤᠨ ᠳᠣᠣᠷ᠎ᠠ᠂ ᠳᠡᠭᠡᠳᠦ ᠪᠠᠶᠢᠷᠢ ᠶᠢᠨ ᠠᠬᠢᠭᠤᠯᠤᠯᠲᠠ ᠪᠠᠷ ᠳᠠᠮᠵᠢᠭᠤᠯᠤᠨ᠂ ᠭᠤᠤᠯ ᠤᠳᠤᠷᠢᠳᠤᠯᠭ᠎ᠠ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠭᠯᠡᠯ ᠢᠶᠠᠨ ᠲᠣᠭᠲᠠᠭᠠᠨ᠂ ᠰᠡᠳᠬᠢᠴᠡ ᠪᠠᠨ ᠲᠣᠳᠣᠷᠬᠠᠶᠢᠯᠠᠵᠤ᠂ ᠠᠶᠢᠵᠠᠮ ᠢ ᠠᠵᠢᠭᠯᠠᠵᠤ᠂ ᠰᠢᠩ ᠾᠧ ᠭᠠᠳᠠᠭᠠᠳᠤ ᠳᠤ ᠨᠤᠲᠤᠭ ᠲᠠᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠳᠡᠭᠡᠳᠦ ᠮᠡᠷᠭᠡᠵᠢᠯ ᠤᠨ ᠠᠵᠢᠯᠲᠠᠨ᠂ ᠬᠤᠳᠠᠯᠳᠤᠭᠠᠴᠢᠳ ᠤᠨ ᠡᠪᠯᠡᠯ ᠤᠨ ᠬᠥᠮᠦᠰ᠂ ᠠᠵᠤ ᠠᠬᠤᠶᠢᠯᠠᠯᠲᠠᠨ ᠲᠠᠢ ᠢᠳᠡᠪᠬᠢᠲᠡᠶ ᠪᠠᠷ ᠨᠡᠪᠲᠡᠷᠡᠯᠴᠡᠨ ᠬᠠᠷᠢᠯᠴᠠᠵᠤ᠂ ᠰᠢᠩ ᠾᠧ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠮᠡᠳᠡᠭᠡ ᠵᠠᠩᠭᠢ ᠶᠢᠨ ᠬᠥᠮᠥᠷᠭᠡ︾ ︽ᠣᠶᠤᠨ ᠤ ᠤᠭᠤᠲᠠ ᠶᠢᠨ ᠬᠥᠮᠥᠷᠭᠡ︾ ᠪᠠ ᠳᠦᠷᠢᠮᠵᠢᠭᠰᠡᠨ ᠨᠡᠪᠲᠡᠷᠡᠯᠴᠡᠬᠦ ᠠᠷᠭ᠎ᠠ ᠵᠠᠮ ᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢᠨ ᠢᠷᠡᠯᠲᠡ ᠶᠢ ᠲᠠᠰᠤᠷᠠᠯᠲᠠ ᠥᠬᠡᠶ ᠥᠷᠭᠡᠳᠬᠡᠪᠡ᠃ ᠡᠭᠦᠨ ᠤ ᠬᠠᠮᠲᠤ᠂ ᠰᠢᠩ ᠡᡁᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ︽ᠪᠦᠬᠦ ᠰᠢᠶᠠᠨ ᠤ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ ᠪᠠᠲᠤᠯᠠᠭᠠᠳ᠂ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠴᠢᠭᠯᠡᠯ ᠪᠣᠯᠤᠨ ᠬᠠᠷᠠᠯᠲᠠ ᠡᠭᠦᠷᠭᠡ ᠶᠢ ᠲᠣᠳᠣᠷᠬᠠᠶᠢᠯᠠᠭᠰᠠᠨ ᠤ ᠬᠠᠮᠲᠤ ᠰᠢᠶᠠᠨ ᠤ ᠱᠠᠲᠤᠨ ᠤ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ 38 ᠠᠷᠠᠯᠵᠢᠶᠠᠴᠢᠨ ᠤᠷᠢᠬᠤ ᠳᠤᠭᠤᠶᠢᠯᠠᠩ ᠢ ᠪᠠᠶᠢᠭᠤᠯᠪᠠ᠃ ᠣᠳᠣᠬᠠᠨ ᠳᠤ᠂ ᠰᠢᠩ ᠾᠧ ᠰᠢᠶᠠᠨ 2023 ᠣᠨ ᠳᠤ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ 10 ᠤᠳᠠᠭ᠎ᠠ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠰᠢᠶᠠᠨ ᠳᠤ ᠢᠷᠡᠵᠦ ᠰᠢᠨᠵᠢᠯᠡᠨ ᠪᠠᠶᠢᠴᠠᠭᠠᠬᠤ ᠶᠢ 11 ᠤᠳᠠᠭ᠎ᠠ ᠵᠣᠯᠭᠠᠭᠤᠯᠵᠤ᠂ ᠨᠡᠶᠢᠲᠡ 21 ᠤᠳᠠᠭ᠎ᠠ ᠵᠣᠯᠭᠠᠭᠤᠯᠪᠠ᠃       ᠦᠢᠯᠡᠴᠢᠯᠡᠭᠡ ᠶᠢ ᠴᠢᠬᠤᠯᠠᠴᠢᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ      ᠡᠵᠡᠩᠨᠡᠯᠲᠡ ᠶᠢᠨ ᠴᠢᠨᠠᠷ ᠰᠠᠶᠢᠲᠠᠢ ᠣᠷᠴᠢᠨ ᠲᠣᠭᠤᠷᠢᠨ ᠪᠣᠯ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢᠨ ᠦᠩ ᠰᠢᠮᠡᠯᠢᠭ ᠬᠥᠷᠥᠰᠥ ᠰᠢᠷᠣᠢ ᠮᠥᠨ᠂ ᠨᠡᠩ ᠴᠤ ᠠᠵᠤ ᠠᠬᠤᠶᠢᠯᠠᠯ ᠤᠨ ︽ᠡᠯᠰᠡᠵᠦ ᠳᠡᠶᠢᠯᠬᠦ︾ ︽ᠦᠯᠡᠳᠡᠭᠡᠵᠦ ᠳᠡᠶᠢᠯᠬᠦ︾᠎ ᠶᠢᠨ ᠴᠢᠬᠤᠯᠠ ᠨᠥᠬᠦᠴᠡᠯ ᠮᠥᠨ᠃      2 ᠰᠠᠷ᠎ᠠ ᠶᠢᠨ 7᠎ ᠤ ᠡᠳᠦᠷ᠂ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠨᠥᠬᠦᠷ ᠤᠨ ᠳᠠᠭᠠᠭᠤᠯᠤᠭᠴᠢ ᠨᠠᠷ ᠤᠷᠢᠳ ᠬᠤᠵᠢᠳ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠳᠤ ︽ᠶᠡᠬᠡᠪᠡᠷ ᠰᠤᠷᠪᠤᠯᠵᠢᠯᠠᠬᠤ᠂ ᠶᠡᠬᠡᠪᠡᠷ ᠪᠠᠶᠢᠴᠠᠭᠠᠨ ᠰᠤᠳᠤᠯᠬᠤ︾ ᠠᠵᠢᠯᠯᠠᠭ᠎ᠠ ᠥᠷᠨᠢᠭᠦᠯᠵᠡᠢ᠃ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠪᠠᠶᠠᠷ ᠤᠨ ᠳᠠᠷᠠᠭᠠᠬᠢ ᠦᠢᠯᠡᠳᠪᠦᠷᠢᠯᠡᠯ ᠡᠵᠡᠩᠨᠡᠯᠲᠡ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠪᠣᠯᠤᠨ ᠠᠵᠢᠯ ᠤᠨ ᠰᠠᠨᠠᠭᠤᠯᠭ᠎ᠠ ᠶᠢ ᠨᠢᠭᠤᠷᠳᠠᠨ ᠰᠣᠨᠣᠰᠴᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ ᠪᠣᠭᠤᠮᠢ ᠶᠢᠨ ᠰᠢᠯᠲᠠᠭᠠᠨ ᠢ ᠭᠦᠨᠵᠡᠭᠡᠢ ᠵᠠᠳᠠᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠠᠳᠬᠤᠬᠤ ᠳᠤ ᠰᠠᠶᠢᠨ ᠳᠠᠭᠠᠭᠤᠯᠵᠤ᠂ ᠦᠯᠢᠭᠡᠷ ᠳᠠᠭᠤᠷᠢᠶᠠᠯ ᠦᠵᠡᠭᠦᠯᠪᠡ᠃      ᠰᠢᠩ ᠡᡁᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠨᠥᠬᠦᠷ ︵ᠳᠤᠮᠳᠠ︶ ᠪᠦᠯᠬᠦᠮ ᠳᠠᠭᠠᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠵᠦ ︽ᠶᠡᠬᠡᠪᠡᠷ ᠰᠤᠷᠪᠤᠯᠵᠢᠯᠠᠵᠤ ᠶᠡᠬᠡᠪᠡᠷ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠥᠷᠨᠢᠭᠦᠯᠵᠡᠢ᠃ ︵ᠰᠡᠭᠦᠳᠡᠷᠯᠡᠪᠡ︶      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠪᠣᠯᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠳᠤ ᠲᠦᠰᠢᠭᠯᠡᠨ ᠬᠥᠮᠦᠰ ᠤᠨ ᠬᠦᠷᠢᠶᠡᠯᠡᠯ ᠢ ᠤᠯᠬᠤ ᠪᠠᠷ ᠪᠠᠷᠠᠬᠤ ᠦᠭᠡᠢ᠂ ᠨᠡᠩ ᠴᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠪᠡᠯᠡ ᠣᠷᠣᠭᠤᠯᠤᠭᠴᠢᠳ ᠢ ᠲᠠᠲᠠᠬᠤ ᠬᠡᠷᠡᠭᠲᠡᠶ᠂ ᠡᠨᠡ ᠨᠢ ᠪᠠᠰᠠ ᠴᠤ ᠦᠯᠡᠮᠵᠢ ᠤᠯᠠᠨ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠰᠢᠩ ᠾᠧ ᠰᠢᠶᠠᠨ ᠳᠤ ᠣᠷᠣᠵᠤ ᠰᠠᠭᠤᠬᠤ ᠶᠢ ᠰᠣᠩᠭᠤᠭᠰᠠᠨ ᠤ ᠰᠢᠯᠲᠠᠭᠠᠨ ᠤ ᠨᠢᠭᠡ ᠪᠣᠯᠤᠨ᠎ᠠ᠃      ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠤ ᠬᠠᠮᠤᠭ ᠤᠨ ᠰᠠᠶᠢᠨ ᠭᠡᠵᠦ ᠪᠠᠶᠢᠬᠤ ᠥᠬᠡᠶ᠂ ᠨᠠᠩ ᠰᠠᠶᠢᠨ ᠭᠡᠵᠦ ᠪᠠᠶᠢᠬᠤ ᠥᠬᠡᠶ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠴᠠ ᠪᠢᠰᠢ᠂ ᠳᠠᠭᠤᠰᠬᠤ ᠴᠠᠭ ᠭᠡᠵᠦ ᠪᠠᠶᠢᠬᠤ ᠥᠬᠡᠶ᠂ ᠶᠠᠪᠤᠭᠳᠠᠬᠤ ᠴᠠᠭ ᠭᠡᠵᠦ ᠪᠠᠶᠢᠬᠤ ᠥᠬᠡᠶ᠃ ︽ᠮᠠᠨ ᠤ ᠠᠵᠤ ᠠᠬᠤᠶᠢᠯᠠᠯ ᠰᠠᠭᠤᠷᠢᠰᠢᠬᠤ ᠠᠴᠠ ᠡᠮᠦᠨ᠎ᠡ᠂ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠮᠠᠨ ᠤ ᠠᠵᠤ ᠠᠬᠤᠶᠢᠯᠠᠯᠲᠠᠨ ᠢ ︿ᠥᠪᠡᠷ ᠤᠨ ᠬᠥᠮᠦᠨ﹀ ᠪᠣᠯᠭᠠᠵᠤ᠂ ᠠᠵᠤ ᠠᠬᠤᠶᠢᠯᠠᠯ ᠤᠨ ᠶᠠᠪᠤᠳᠠᠯ ᠢ ︿ᠥᠪᠡᠷ ᠤᠨ ᠶᠠᠪᠤᠳᠠᠯ﹀ ᠪᠣᠯᠭᠠᠵᠤ᠂ ᠮᠠᠨ ᠤ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠪᠠᠴᠢᠮ ᠲᠤᠯᠭᠠᠮ᠎ᠠ ᠪᠠ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ ᠥᠭᠲᠡᠭ ᠶᠤᠮ︾᠃ ᠭᠡᠵᠦ ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠬᠤᠢ ᠴᠤᠸᠠᠨ ᠬᠡᠯᠡᠪᠡ᠃      ᠠᠵᠤ ᠠᠬᠤᠶᠢᠯᠠᠯ ᠶᠠᠭᠤ ᠶᠢ ᠠᠩᠬᠠᠷᠪᠠᠯ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠠᠷᠤᠢ ᠶᠠᠭᠤ ᠶᠢ ᠠᠩᠬᠠᠷᠤᠨ᠎ᠠ᠃ ᠡᠶᠢᠮᠦ ᠠᠴᠠ᠂ ᠰᠢᠩ ᠡᡁᠧ ᠰᠢᠶᠠᠨ ︽ᠰᠢᠩ ᠡᡁᠧ ᠰᠢᠶᠠᠨ ᠤ ᠭᠠᠵᠠᠷ ᠤᠨ ᠲᠡᠰ ᠤᠨ ᠤᠳᠤᠷᠢᠳᠬᠤ ᠺᠠᠳ᠋ᠷ ᠠᠵᠤ ᠠᠬᠤᠶᠢᠯᠠᠯ ᠳᠤ ᠭᠦᠨᠵᠡᠭᠡᠶᠢᠷᠡᠵᠦ ︿ᠶᠡᠬᠡᠪᠡᠷ ᠰᠤᠷᠪᠤᠯᠵᠢᠯᠠᠬᠤ᠂ ᠶᠡᠬᠡᠪᠡᠷ ᠪᠠᠶᠢᠴᠠᠭᠠᠨ ᠰᠤᠳᠤᠯᠤᠯᠲᠠ ᠬᠢᠬᠦ﹀ ᠠᠵᠢᠯᠯᠠᠭ᠎ᠠ ᠥᠷᠨᠢᠭᠦᠯᠬᠦ ᠲᠥᠰᠦᠯ︾᠎ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ︽ᠲᠡᠷᠢᠭᠦᠨ ᠳᠤ ᠲᠠᠯᠪᠢᠬᠤ︾ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠦᠴᠦᠨ ᠦᠭᠡᠢ ᠪᠣᠯᠭᠠᠭᠰᠠᠨ᠂ ᠳᠤᠬᠢᠷᠠᠭᠤᠯᠤᠯᠳᠠ ᠬᠢᠭᠰᠡᠨ ᠪᠠ ᠬᠦᠯᠢᠶᠡᠨ ᠠᠪᠤᠭᠰᠠᠨ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠡᠮᠬᠢᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠦᠷᠭᠦᠯᠵᠢᠯᠡᠨ ᠪᠠᠭᠠᠰᠬᠠᠵᠤ᠂ ᠬᠠᠮᠢᠶᠠᠷᠬᠤ ᠶᠣᠰᠣᠲᠠᠢ ᠶᠢ ᠨᠢ ᠰᠠᠶᠢᠲᠤᠷ ᠬᠠᠮᠢᠶᠠᠷᠴᠤ᠂ ᠬᠠᠮᠢᠶᠠᠷᠬᠤ ᠶᠣᠰᠣ ᠦᠭᠡᠢ ᠶᠢ ᠨᠢ ᠦᠨᠡᠨᠬᠦ ᠭᠦᠢᠴᠡᠳ ᠲᠠᠯᠪᠢᠵᠤ᠂ ᠵᠠᠬ᠎ᠠ ᠳᠡᠯᠭᠡᠭᠦᠷ ᠤᠨ ᠬᠦᠯᠢᠶᠡᠰᠦᠯᠡᠯ ᠢ ᠦᠨᠡᠨᠬᠦ ᠰᠤᠯᠠᠯᠠᠵᠠᠢ᠃ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ ᠬᠤᠳᠠ ᠶᠢᠨ ᠶᠡᠭᠡ ᠲᠠᠷᠢᠬᠢᠨ ᠤ ᠪᠠᠶᠢᠭᠤᠯᠤᠯᠲᠠ ᠶᠢ ᠲᠦᠷᠭᠡᠳᠬᠡᠵᠦ᠂ ᠲᠤᠭ᠎ᠠ ᠪᠠᠷᠢᠮᠲᠠ ᠶᠢᠨ ᠵᠦᠷᠢᠶ᠎ᠡ ᠶᠢ ᠠᠷᠢᠯᠭᠠᠵᠤ ᠂ ᠮᠡᠳᠡᠭᠡ ᠵᠠᠩᠭᠢ ᠶᠢᠨ ᠥᠨᠥᠴᠢᠨ ᠠᠷᠠᠯ ᠢ ᠡᠪᠳᠡᠵᠦ᠂ ᠲᠤᠭ᠎ᠠ ᠪᠠᠷᠢᠮᠲᠠ ᠶᠢ ᠢᠯᠡᠭᠦᠦ ᠭᠦᠶᠦᠯᠭᠡᠬᠦ᠂ ᠤᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨᠬᠦ ᠪᠡᠶᠡᠯᠡᠭᠦᠯᠵᠦ᠂ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠥᠷᠢᠰᠥᠯᠳᠦᠭᠡᠨ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠡᠷᠬᠡ ᠲᠡᠭᠰᠢ ᠲᠥᠪ ᠭᠤᠣᠯᠴᠢ ᠬᠠᠤᠯᠢᠵᠢᠯ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠨ᠎ᠠ᠃      ᠰᠢᠨ᠎ᠡ ᠠᠶᠠᠨ ᠳᠤ᠂ ᠠᠷᠠᠯᠵᠢᠶᠠᠴᠢᠨ ᠤᠷᠢᠬᠤ ᠠᠯᠬᠤᠭ᠎ᠠ ᠪᠠᠨ ᠵᠤᠬᠰᠤᠰᠢ ᠦᠭᠡᠢ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠳᠤ ᠬᠠᠯᠠᠭᠤᠨ ᠰᠡᠳᠬᠢᠯ ᠲᠠᠢ᠂ ᠬᠡᠷᠡᠭᠵᠢᠭᠦᠯᠬᠦ ᠳᠤ ᠡᠷᠴᠢᠮ ᠲᠠᠢ ᠁ ᠰᠢᠨ᠎ᠡ ᠭᠠᠷᠤᠭ᠎ᠠ ᠳᠡᠭᠡᠷ᠎ᠡ᠂ ᠰᠢᠩ ᠡᡁᠧ ᠰᠢᠶᠠᠨ ᠤ ᠬᠢᠨ ᠨᠡᠩ ᠴᠤᠭ ᠪᠠᠳᠠᠷᠠᠩᠭᠤᠢ ᠲᠦᠷᠢ ᠲᠥᠷᠬᠦ ᠪᠠᠷ ᠲᠦᠷᠪᠡᠨ ᠵᠦᠭ ᠤᠨ ᠵᠣᠴᠢᠳ ᠢ ᠥᠷᠭᠡᠨ ᠢᠶᠠᠷ ᠴᠤᠭᠯᠠᠭᠤᠯᠵᠤ᠂ ᠬᠥᠭᠵᠢᠯᠲᠡ ᠶᠢ ᠡᠷᠢᠯᠬᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠭᠰᠠᠨ ᠦᠷ᠎ᠡ ᠪᠦᠲᠦᠮᠵᠢ ᠪᠠᠷ ᠢᠶᠠᠨ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠬᠥᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ ︵ᠵᠣᠬᠢᠶᠠᠭᠴᠢ᠄ ᠵᠦᠩ ᠵᠧᠨ ᠵᠢᠶᠦ᠋ᠨ︶                                                             ᠵᠣᠬᠢᠶᠠᠭᠴᠢ᠄ ᠵᠦᠩ ᠵᠧᠨ ᠵᠢᠶᠦ᠋ᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3