ᠰᠢᠩ ᠾᠧ ᠰᠢᠶᠠᠨ᠄ ᠬᠠᠮ ᠨᠢᠳᠤᠷᠭ᠎ᠠ ᠪᠠᠨ ᠰᠠᠶᠢᠲᠤᠷ ᠬᠡᠷᠡᠭᠯᠡᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢᠨ ︽ᠬᠤᠷᠳᠤᠴᠠ ᠪᠠᠨ ᠨᠡᠮᠡᠭᠳᠡᠭᠦᠯᠬᠦ︾ ᠠᠷᠭ᠎ᠠ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2023/2/14
     ︽ᠤᠶᠠᠩᠭᠠᠲᠤ ᠮᠣᠳᠣ︾ ᠶᠢ ᠰᠠᠶᠢᠲᠤᠷ ᠳᠠᠷᠢᠵᠤ᠂ ︽ᠭᠠᠷᠤᠳᠢ︾ ᠶᠢ ᠠᠪᠴᠢᠷᠠᠨ ᠰᠠᠭᠤᠯᠭᠠᠨ᠎ᠠ᠃ ᠤᠢᠢᠷ᠎ᠠ ᠶᠢᠨ ᠵᠢᠯ ᠠᠴᠠ᠂ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ︽ᠲᠡᠷᠢᠭᠦᠨ ᠢᠨᠵᠧᠨᠧᠷᠢᠩ ︾ ᠪᠣᠯᠭᠠᠨ ᠠᠳᠬᠤᠵᠤ᠂ ᠰᠢᠩ ᠡᡁᠧ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠤᠯᠠᠨ ᠰᠠᠯᠠᠭ᠎ᠠ ᠮᠥᠴᠢᠷ ᠤᠨ ᠬᠢᠨ ᠵᠣᠬᠢᠴᠠᠭᠤᠯᠵᠤ᠂ ᠰᠢᠯᠢᠳᠡᠭ ᠲᠦᠷᠦᠯ ᠵᠦᠢᠯ ᠤᠳ ᠢ ᠰᠢᠩ ᠡᡁᠧ ᠶᠢᠨ ᠡᠭᠡ ᠭᠠᠵᠠᠷ ᠲᠤ ᠨᠠᠶᠢᠳᠠᠪᠤᠷᠢᠵᠢᠭᠤᠯᠤᠨ ᠳᠡᠯᠭᠡᠷᠡᠭᠦᠯᠵᠦ᠂ ᠳ᠋ᠠ ᠮᠧᠢ ᠰᠢᠩ ᠡᡁᠧ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃      ᠰᠢᠩ ᠾᠧ ᠰᠢᠶᠠᠨ ᠤ ᠬᠤᠲᠠ ᠶᠢᠨ ᠶᠡᠭᠡ ᠵᠠᠮ ︵ᠢᠷᠡᠯᠲᠡ᠄ ᠰᠢᠩ ᠾᠧ ᠰᠢᠶᠠᠨ ᠤ ᠬᠠᠮ ᠵᠠᠭᠤᠴᠢᠯᠠᠭᠤᠷ ᠤᠨ ᠲᠥᠪ︶      ᠨᠠᠷᠢᠨ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠪᠠᠶᠢᠷᠢᠯᠠᠭᠤᠯᠬᠤ ᠶᠢᠨ ᠲᠥᠯᠥᠭᠡ ᠬᠥᠭ ᠠᠶᠠᠰ ᠢᠶᠠᠨ ᠲᠣᠭᠲᠠᠭᠠᠵᠤ ᠪᠠᠶᠢᠷᠢᠯᠠᠭᠤᠯᠪᠠ      ᠬᠡᠷᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ᠪᠡᠯᠡ ᠣᠷᠣᠭᠤᠯᠤᠯᠲᠠ ᠶᠢᠨ ᠥᠨᠳᠦᠷᠯᠢᠭ ᠢ ᠴᠣᠭᠴᠠᠯᠠᠬᠤ ᠪᠤᠢ︖ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠡᠭᠦᠨ ᠢ ᠢᠮᠠᠭᠲᠠ ᠴᠢᠬᠤᠯᠠ ᠰᠡᠳᠦᠪ ᠪᠣᠯᠭᠠᠵᠤ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠲᠦᠷᠦᠯ ᠵᠦᠢᠯ ᠢ ᠨᠠᠷᠢᠨ ᠨᠢᠮᠪᠠᠢ ᠨᠥᠭᠡᠴᠡᠯᠡᠵᠦ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃      2 ᠰᠠᠷ᠎ᠠ ᠶᠢᠨ 7 ᠤ ᠡᠳᠦᠷ᠂ ᠰᠢᠩ ᠡᡁᠧ ᠰᠢᠶᠠᠨ ᠤ ᠬᠢᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠪᠠ᠃ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠪᠠᠲᠤᠳᠬᠠᠨ ᠠᠬᠢᠭᠤᠯᠬᠤ ᠳᠤ᠂ ᠰᠠᠭᠤᠷᠢ ᠨᠢ ᠠᠵᠤ ᠦᠢᠯᠡᠰ ᠲᠤ ᠪᠤᠢ᠂ ᠵᠠᠩᠭᠢᠯᠠᠭ᠎ᠠ ᠨᠢ ᠲᠦᠷᠦᠯ ᠵᠦᠢᠯ ᠳᠤ ᠲᠦᠰᠢᠭᠯᠡᠵᠦ᠂ ᠰᠢᠪᠲᠤᠯᠤᠯᠲᠠ ᠨᠢ ᠬᠤᠳᠠᠯᠳᠤᠭᠠᠴᠢᠨ ᠤᠷᠢᠬᠤ ᠳᠤ ᠪᠤᠢ᠂ ︽ᠶᠠᠭᠤ ᠡᠯᠰᠡᠬᠦ︾ ︽ᠶᠠᠭᠠᠬᠢᠵᠤ ᠡᠯᠰᠡᠬᠦ︾ ᠶᠢ ᠲᠣᠳᠣᠷᠬᠠᠶᠢᠯᠠᠵᠤ᠂ ᠰᠢᠩ ᠡᡁᠧ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠴᠢᠭᠯᠡᠯ ᠢ ᠲᠣᠭᠲᠠᠭᠠᠨ ᠥᠭᠴᠡᠢ᠃      ᠰᠢᠩ ᠾᠧ ᠰᠢᠶᠠᠨ ᠤ ᠬᠢᠨ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠪᠠ᠃ ︵ᠰᠡᠭᠦᠳᠡᠷᠯᠡᠪᠡ︶      ᠡᠬᠢᠯᠡᠯᠲᠡ ᠶᠢᠨ ᠬᠤᠭᠤᠴᠠᠭᠠᠨ ᠳᠤ ᠲᠦᠷᠭᠡᠨ ᠳᠠᠪᠬᠢᠵᠤ᠂ ᠪᠦᠬᠦ ᠲᠠᠯ᠎ᠠ ᠰᠠᠶ᠋ᠢ ᠨᠡᠩ ᠰᠠᠶᠢᠨ ᠪᠤᠯᠵᠤ ᠴᠢᠳᠠᠨ᠎ᠠ ︔ ᠡᠬᠢᠯᠡᠬᠦ ᠳᠤ ᠬᠤᠷᠳᠤᠴᠠ ᠪᠠᠨ ᠲᠦᠷᠭᠡᠳᠬᠡᠵᠦ᠂ ᠬᠤᠶᠢᠰᠢᠳᠠ ᠶᠢᠨ ᠵᠠᠮ ᠤᠨ ᠢᠳᠡ ᠬᠦᠴᠦ ᠰᠠᠶ᠋ᠢ ᠲᠡᠭᠦᠯᠳᠡᠷ ᠪᠠᠶᠢᠳᠠᠭ᠃ ︽ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠡᠷᠢᠭᠦᠨ ᠪᠠᠶᠢᠷᠢ ᠶᠢᠨ ᠤᠬᠠᠮᠰᠠᠷ ᠢᠶᠠᠨ ᠪᠠᠲᠤᠳᠬᠠᠵᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠪᠤᠳᠠᠯ ᠢ ︿ᠲᠡᠷᠢᠭᠦᠨ ᠴᠢᠬᠤᠯᠠ ᠢᠨᠵᠧᠨᠧᠷᠢᠩ﹀ ᠪᠣᠯᠭᠠᠵᠤ᠂ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠴᠦ᠂ ᠭᠠᠷ ᠲᠠᠭᠠᠨ ᠠᠳᠬᠤᠵᠤ᠂ ᠠᠵᠢᠯ ᠳᠠᠭᠠᠨ ᠨᠠᠶᠢᠳᠠᠪᠤᠷᠢᠵᠢᠭᠤᠯᠵᠤ᠂ ︿ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ﹀ ᠶᠢ ᠪᠠᠷᠢᠮᠲᠠᠯᠠᠨ᠂ ᠨᠢᠭᠡ ᠲᠠᠯ᠎ᠠ ᠪᠠᠷ ᠬᠤᠳᠠᠯᠳᠤᠭᠠᠴᠢᠨ ᠤᠷᠢᠬᠤ ᠶᠢ ᠠᠳᠬᠤᠵᠤ᠂ ᠨᠥᠭᠦᠭᠡ ᠲᠠᠯ᠎ᠠ ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠳᠬᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠭᠦᠨᠵᠡᠭᠡᠶ ᠨᠠᠶᠢᠳᠠᠪᠤᠷᠢᠵᠢᠭᠤᠯᠤᠨ᠂ ︿ᠴᠠᠭ ᠪᠢᠳᠡᠨ ᠢ ᠬᠦᠯᠢᠶᠡᠬᠦ ᠥᠬᠡᠶ﹀ ᠪᠠᠶᠢᠬᠤ ᠲᠤᠯᠭᠠᠮ᠎ᠠ ᠰᠡᠳᠬᠢᠯᠭᠡ ᠪᠠᠷ ᠬᠤᠳᠠᠯᠳᠤᠭᠠᠴᠢᠨ ᠤᠷᠢᠵᠤ ᠪᠠᠯᠠ ᠲᠠᠲᠠᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠴᠢᠩᠭ᠎ᠠ ᠠᠳᠬᠤᠵᠤ᠂ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ︾ ᠭᠡᠵᠡᠶ᠃ ᠰᠢᠩ ᠡᡁᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷ᠎ᠡ ᠢᠩᠭᠢᠵᠦ ᠬᠡᠯᠡᠪᠡ᠃      ︽ᠶᠠᠭᠤ ᠡᠯᠰᠡᠬᠦ ᠪᠠᠷ ᠪᠠᠶᠢᠨ᠎ᠠ ᠪᠤᠶ︖︾ ᠭᠡᠵᠦᠳᠠᠷᠤᠶ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠲᠠᠪᠤᠨ ᠶᠡᠭᠡ ᠠᠵᠤ ᠠᠬᠤᠶ︾ ᠶᠢ ᠬᠥᠭᠵᠢᠭᠦᠯᠬᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ︽ᠶᠠᠮᠠᠷ ᠨᠢ ᠳᠤᠲᠠᠪᠠᠯ ᠲᠡᠭᠦᠨ ᠢ ᠲᠠᠲᠠᠬᠤ᠂ ᠶᠠᠮᠠᠷ ᠨᠢ ᠪᠠᠭᠤᠷᠠᠶ ᠪᠣᠯ ᠲᠡᠭᠦᠨ ᠢ ᠨᠥᠬᠦᠪᠥᠷᠢᠯᠡᠬᠦ᠂ ᠶᠠᠮᠠᠷ ᠨᠢ ᠬᠦᠴᠦᠷᠬᠡᠭᠵᠢᠪᠡᠯ ᠲᠡᠭᠦᠨ ᠢ ᠨᠡᠮᠡᠭᠳᠡᠭᠦᠯᠬᠦ︾ ᠵᠠᠷᠴᠢᠮ ᠤᠨ ᠶᠣᠰᠣᠭᠠᠷ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠨᠥᠬᠦᠪᠥᠷᠢᠯᠡᠬᠦ᠂ ᠬᠡᠯᠬᠢᠶᠡᠵᠢᠯ ᠢ ᠴᠢᠩᠭᠠᠳᠬᠠᠬᠤ ᠶᠢ ᠠᠬᠢᠭᠤᠯᠵᠤ᠂ ᠨᠢᠭᠡ ᠪᠦᠯᠦᠭ ᠬᠥᠭᠵᠢᠯᠲᠡ ᠶᠢᠨ ᠢᠷᠡᠭᠡᠳᠦᠶ ᠲᠠᠢ ᠂ ᠨᠡᠮᠡᠯᠲᠡ ᠥᠷᠲᠡᠭ ᠢᠶᠠᠷ ᠥᠨᠳᠥᠷ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠲᠣᠮᠣ ᠳ᠋ᠠᠶᠢᠲ᠋ᠠ᠂ ᠳᠡᠭᠡᠳᠦ ᠦᠵᠦᠭᠦᠷ ᠤᠨ ᠲᠣᠨᠤᠭ ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠪᠠᠷᠠᠭᠠᠨ ᠤ  ᠭᠦᠢᠯᠭᠡᠭᠡ᠂ ᠨᠠᠰᠤᠵᠢᠯ ᠤᠨ ᠠᠰᠠᠷᠠᠮᠵᠢ ᠡᠷᠡᠭᠦᠯᠵᠢᠯ ᠰᠤᠪᠢᠯᠠᠯᠲᠠ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ ᠰᠦᠪᠡᠭᠴᠢᠯᠡᠨ ᠣᠷᠣᠭᠤᠯᠵᠤ ᠠᠪᠴᠢᠷᠠᠬᠤ ᠪᠠᠷ ᠴᠢᠷᠮᠠᠶᠢᠵᠤ᠂ ᠪᠥᠬᠦ ᠵᠢᠯ ᠳᠤ 120 ᠭᠠᠷᠤᠶ ᠲᠥᠷᠥᠯ ᠵᠦᠢᠯ ᠳᠤ ᠭᠡᠷ᠎ᠡ ᠲᠣᠭᠲᠠᠵᠤ᠂ ᠵᠢᠯ ᠤᠨ ᠳᠣᠲᠣᠷ᠎ᠠ 30 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠯᠠᠨ ᠡᠰᠢᠲᠦ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃      ᠶᠠᠭᠠᠬᠢᠵᠤ ᠡᠯᠰᠡᠬᠦ ᠪᠤᠢ︖ ᠳᠠᠷᠤᠶ ᠦᠵᠡᠯᠲᠡ ᠪᠠᠨ ᠰᠢᠨᠡᠳᠬᠡᠬᠦ ᠲᠠᠯ᠎ᠠ ᠪᠠᠷ ︽ᠰᠢᠪᠲᠤᠯᠤᠯᠲᠠ ᠭᠠᠷᠭᠠᠬᠤ ᠪᠠᠷ ᠴᠢᠷᠮᠠᠶᠢᠵᠤ︾᠂ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠮᠥᠷᠲᠡᠭᠡᠨ ᠪᠠᠰᠠ ᠳᠣᠲᠣᠭᠠᠳᠤ ᠳᠠᠭᠠᠨ ᠠᠮᠢᠳᠤᠯᠢᠭ ᠪᠣᠯᠭᠠᠬᠤ ᠬᠡᠷᠡᠭᠲᠡᠶ᠂ ᠪᠠᠰᠠ ᠳᠡᠭᠡᠳᠦ ᠱᠠᠲᠤᠨ ᠳᠤ ᠬᠠᠨᠳᠤᠬᠤ ᠪᠠᠷ ᠴᠢᠷᠮᠠᠶᠢᠬᠤ ᠬᠡᠷᠡᠭᠲᠡᠶ᠃ ᠰᠢᠩ ᠾᠧ ᠰᠢᠶᠠᠨ ᠤ ᠬᠢᠨ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢᠨ ᠲᠠᠯ᠎ᠠ ᠪᠠᠷ ︽ᠰᠢᠪᠲᠤᠯᠤᠯᠲᠠ ᠶᠢ ᠡᠷᠢᠯᠬᠢᠯᠡᠵᠦ︾᠂ ᠤᠯᠠᠨ ᠡᠰᠢᠴᠢᠯᠡᠭᠰᠡᠨ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢ ᠳᠤᠪᠤᠶᠢᠯᠭᠠᠵᠤ᠂ ︽ᠶᠡᠬᠡᠪᠡᠷ ᠠᠷᠠᠯᠵᠢᠶᠠᠴᠢᠨ ᠤᠷᠢᠬᠤ︾ ᠤᠢᠢᠯᠠᠭᠠᠭᠳᠠᠬᠤᠨ ᠢ ᠪᠤᠢ ᠪᠣᠯᠭᠠᠪᠠ︔ ᠡᠯᠧᠮᠧᠨ᠋ᠲ ᠤᠨ ᠪᠠᠲᠤᠯᠠᠭ᠎ᠠ ᠶᠢᠨ ᠲᠠᠯ᠎ᠠ ᠪᠠᠷ ︽ᠰᠢᠪᠲᠤᠯᠤᠯᠲᠠ ᠭᠠᠷᠭᠠᠵᠤ︾᠂ ᠭᠠᠵᠠᠷ ᠰᠢᠷᠣᠶ ᠶᠢᠨ ᠪᠠᠲᠤᠯᠠᠭ᠎ᠠ ᠶᠢᠨ ᠲᠠᠯ᠎ᠠ ᠪᠠᠷ᠂ ᠪᠠᠯᠠ ᠲᠣᠬᠢᠷᠠᠭᠤᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ᠠᠵᠢᠯᠴᠢᠨ ᠬᠡᠷᠡᠭᠯᠡᠬᠦ ᠪᠠᠲᠤᠯᠠᠭ᠎ᠠ ᠶᠢᠨ ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠷᠤᠭ ᠤᠨ ᠵᠢᠭᠰᠠᠯ ᠢ ᠵᠢᠷᠤᠵᠤ᠂ ᠬᠤᠳᠠᠯᠳᠤᠭᠠᠴᠢᠨ ᠤᠷᠢᠬᠤ ᠡᠭᠦᠷᠭᠡ ᠶᠢᠨ ︽ᠪᠠᠲᠤᠯᠠᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠰᠠᠷ᠎ᠠ ᠪᠦᠷᠢ ᠬᠤᠳᠠᠯᠳᠤᠭᠠᠴᠢᠨ ᠤᠷᠢᠬᠤ ᠠᠬᠢᠴᠠ ᠶᠢ ᠳᠣᠭᠢᠷᠠᠭᠤᠯᠤᠨ᠂ ᠤᠯᠠᠷᠢᠯ ᠪᠦᠷᠢ ᠳᠤ ᠭᠡᠷ᠎ᠡ ᠲᠣᠭᠲᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠪᠣᠳᠠᠲᠠᠶᠢᠵᠢᠭᠤᠯᠤᠭᠰᠠᠨ ᠨᠣᠷᠮ᠎ᠠ᠂ ᠪᠠᠯᠠ ᠮᠥᠩᠭᠦ ᠶᠢᠨ ᠪᠣᠳᠠᠲᠠᠶᠢᠵᠢᠭᠰᠠᠨ ᠨᠣᠷᠮ᠎ᠠ ᠶᠢ ᠢᠯᠡ ᠨᠡᠶᠢᠲᠡᠯᠡᠵᠦ ᠠᠳᠠᠯᠢᠳᠬᠠᠨ ᠰᠢᠯᠭᠠᠷᠠᠭᠤᠯᠵᠤ᠂ ᠠᠳᠠᠯᠢᠳᠬᠠᠨ ᠰᠤᠷᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ ᠪᠠᠷ ᠳᠠᠮᠵᠢᠭᠤᠯᠤᠨ ︽ᠤᠯᠠᠭᠠᠨ᠂ ᠰᠢᠷ᠎ᠠ᠂ ᠨᠣᠭᠤᠭᠠᠨ︾ ᠤ ᠬᠠᠮᠢᠶᠠᠷᠤᠯᠲᠠ ᠶᠢᠨ ᠡᠬᠡ ᠲᠠᠩᠰᠠ ᠶᠢ ᠭᠦᠢᠴᠡᠳᠭᠡᠵᠦ᠂ ᠪᠣᠳᠠᠲᠠᠶᠢᠵᠢᠭᠤᠯᠤᠭᠰᠠᠨ ᠲᠥᠷᠥᠯ  ᠵᠦᠢᠯ ᠤᠨ ᠭᠠᠷᠳᠠᠮ ᠢ ᠭᠦᠢᠴᠡᠳᠭᠡᠭᠰᠡᠨ ᠪᠠᠶᠢᠳᠠᠯ ᠢ ᠭᠠᠷᠠᠭ ᠪᠦᠷᠢ ᠨᠢᠭᠡ ᠭᠠᠷᠠᠭ ᠲᠤ ᠳᠣᠭᠢᠷᠠᠭᠤᠯᠵᠤ᠂ ᠬᠠᠭᠠᠰ ᠰᠠᠷ᠎ᠠ ᠳᠤ ᠨᠢᠭᠡ ᠤᠳᠠᠭ᠎ᠠ ᠵᠠᠷᠯᠠᠨ ᠮᠡᠳᠡᠭᠳᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃      ᠭᠠᠳᠠᠭᠰᠢ ᠭᠠᠷᠴᠤ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠨ᠎ᠠ      ᠭᠠᠳᠠᠭᠰᠢ ᠭᠠᠷᠬᠤ᠂ ᠣᠷᠣᠭᠤᠯᠵᠤ ᠠᠪᠴᠢᠷᠠᠬᠤ ᠪᠣᠯ ᠬᠤᠳᠠᠯᠳᠤᠭᠠᠴᠢᠨ ᠤᠷᠢᠬᠤ ᠶᠢᠨ ᠵᠠᠩᠭᠢᠯᠠᠭ᠎ᠠ ᠮᠥᠨ᠃      2022 ᠣᠨ ᠳᠤ᠂ ᠪᠦᠬᠦ ᠰᠢᠶᠠᠨ ᠢᠶᠠᠷ ᠢᠶᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠠᠬᠢᠴᠠ ᠲᠠᠢ ᠪᠤᠯᠵᠤ᠂ ᠰᠢᠩ ᠾᠧ ᠰᠢᠶᠠᠨ ᠤ ᠬᠢᠨ ᠳᠡᠭᠡᠳᠦ ᠱᠠᠳᠤ ᠨᠢ ᠲᠤᠤᠷᠠᠳᠦ ᠱᠠᠳᠤ ᠪᠠᠨ ᠳᠠᠭᠠᠭᠤᠯᠬᠤ ︽ᠡᠭᠦᠷᠭᠡ ᠳᠠᠷᠤᠬᠤ︾ ᠶᠢ ᠪᠠᠷᠢᠮᠲᠠᠯᠠᠵᠤ᠂ ︽4+37+N︾ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠦᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ᠂ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠪᠠᠷ ᠳᠠᠭᠠᠭᠤᠯᠤᠭᠰᠠᠨ 37 ᠠᠷᠠᠯᠵᠢᠶᠠᠴᠢᠨ ᠤᠷᠢᠬᠤ ᠳᠤᠭᠤᠶᠢᠯᠠᠩ ᠢ ᠪᠠᠶᠢᠭᠤᠯᠵᠤ᠂ ᠡᠭᠦᠷᠭᠡ ᠶᠢ ᠬᠡᠮᠵᠢᠶᠡᠵᠢᠭᠦᠯᠵᠦ᠂ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠪᠦᠯᠬᠦᠮ ᠵᠣᠬᠢᠶᠠᠨ ᠪᠠᠶᠢᠭᠤᠯᠵᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ ᠂ ᠬᠥᠮᠦᠨ ᠪᠣᠯᠭᠠᠨ ᠡᠭᠦᠷᠭᠡ ᠬᠠᠷᠢᠭᠤᠴᠠᠯᠭ᠎ᠠ ᠲᠠᠢ ᠠᠵᠢᠯ ᠤᠨ ᠠᠭᠤᠷ ᠠᠮᠢᠰᠬᠤᠯ ᠢ ᠪᠤᠢ ᠪᠣᠯᠭᠠᠪᠠ᠃ ᠪᠥᠬᠦ ᠵᠢᠯ ᠳᠤ 38 ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠳᠤ ᠭᠡᠷ᠎ᠡ ᠲᠣᠭᠲᠠᠵᠤ᠂ 251.28 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠵᠥᠪᠳᠡᠯᠴᠡᠨ ᠲᠣᠭᠲᠠᠵᠤ᠂ ᠵᠢᠯ ᠤᠨ ᠳᠣᠲᠣᠷ᠎ᠠ 30.77 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 7.5 ᠳᠠᠬᠢᠨ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠠᠭᠠᠨᠴᠠᠪ ᠬᠤᠲᠠ ᠶᠢᠨ ᠨᠢᠭᠡᠳᠦᠭᠡᠷ ᠲᠤ ᠣᠷᠣᠪᠠ᠃      2023 ᠣᠨ ᠳᠤ᠂ ᠰᠢᠩ ᠾᠧ ᠰᠢᠶᠠᠨ ᠤ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠶᠡᠬᠡᠪᠡᠷ ᠠᠳᠬᠤᠬᠤ ᠰᠢᠨ᠎ᠡ ᠪᠠᠶᠢᠳᠠᠯ ᠤᠨ ᠳᠣᠣᠷ᠎ᠠ᠂ ᠳᠡᠭᠡᠳᠦ ᠪᠠᠶᠢᠷᠢ ᠶᠢᠨ ᠠᠬᠢᠭᠤᠯᠤᠯᠲᠠ ᠪᠠᠷ ᠳᠠᠮᠵᠢᠭᠤᠯᠤᠨ᠂ ᠭᠤᠤᠯ ᠤᠳᠤᠷᠢᠳᠤᠯᠭ᠎ᠠ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠭᠯᠡᠯ ᠢᠶᠠᠨ ᠲᠣᠭᠲᠠᠭᠠᠨ᠂ ᠰᠡᠳᠬᠢᠴᠡ ᠪᠠᠨ ᠲᠣᠳᠣᠷᠬᠠᠶᠢᠯᠠᠵᠤ᠂ ᠠᠶᠢᠵᠠᠮ ᠢ ᠠᠵᠢᠭᠯᠠᠵᠤ᠂ ᠰᠢᠩ ᠾᠧ ᠭᠠᠳᠠᠭᠠᠳᠤ ᠳᠤ ᠨᠤᠲᠤᠭ ᠲᠠᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠳᠡᠭᠡᠳᠦ ᠮᠡᠷᠭᠡᠵᠢᠯ ᠤᠨ ᠠᠵᠢᠯᠲᠠᠨ᠂ ᠬᠤᠳᠠᠯᠳᠤᠭᠠᠴᠢᠳ ᠤᠨ ᠡᠪᠯᠡᠯ ᠤᠨ ᠬᠥᠮᠦᠰ᠂ ᠠᠵᠤ ᠠᠬᠤᠶᠢᠯᠠᠯᠲᠠᠨ ᠲᠠᠢ ᠢᠳᠡᠪᠬᠢᠲᠡᠶ ᠪᠠᠷ ᠨᠡᠪᠲᠡᠷᠡᠯᠴᠡᠨ ᠬᠠᠷᠢᠯᠴᠠᠵᠤ᠂ ᠰᠢᠩ ᠾᠧ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠮᠡᠳᠡᠭᠡ ᠵᠠᠩᠭᠢ ᠶᠢᠨ ᠬᠥᠮᠥᠷᠭᠡ︾ ︽ᠣᠶᠤᠨ ᠤ ᠤᠭᠤᠲᠠ ᠶᠢᠨ ᠬᠥᠮᠥᠷᠭᠡ︾ ᠪᠠ ᠳᠦᠷᠢᠮᠵᠢᠭᠰᠡᠨ ᠨᠡᠪᠲᠡᠷᠡᠯᠴᠡᠬᠦ ᠠᠷᠭ᠎ᠠ ᠵᠠᠮ ᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢᠨ ᠢᠷᠡᠯᠲᠡ ᠶᠢ ᠲᠠᠰᠤᠷᠠᠯᠲᠠ ᠥᠬᠡᠶ ᠥᠷᠭᠡᠳᠬᠡᠪᠡ᠃ ᠡᠭᠦᠨ ᠤ ᠬᠠᠮᠲᠤ᠂ ᠰᠢᠩ ᠡᡁᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ︽ᠪᠦᠬᠦ ᠰᠢᠶᠠᠨ ᠤ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠭᠠᠳ᠂ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠴᠢᠭᠯᠡᠯ ᠪᠣᠯᠤᠨ ᠬᠠᠷᠠᠯᠲᠠ ᠡᠭᠦᠷᠭᠡ ᠶᠢ ᠲᠣᠳᠣᠷᠬᠠᠶᠢᠯᠠᠭᠰᠠᠨ ᠤ ᠬᠠᠮᠲᠤ ᠰᠢᠶᠠᠨ ᠤ ᠱᠠᠲᠤᠨ ᠤ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ 38 ᠠᠷᠠᠯᠵᠢᠶᠠᠴᠢᠨ ᠤᠷᠢᠬᠤ ᠳᠤᠭᠤᠶᠢᠯᠠᠩ ᠢ ᠪᠠᠶᠢᠭᠤᠯᠪᠠ᠃ ᠣᠳᠣᠬᠠᠨ ᠳᠤ᠂ ᠰᠢᠩ ᠾᠧ ᠰᠢᠶᠠᠨ 2023 ᠣᠨ ᠳᠤ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ 10 ᠤᠳᠠᠭ᠎ᠠ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠰᠢᠶᠠᠨ ᠳᠤ ᠢᠷᠡᠵᠦ ᠰᠢᠨᠵᠢᠯᠡᠨ ᠪᠠᠶᠢᠴᠠᠭᠠᠬᠤ ᠶᠢ 11 ᠤᠳᠠᠭ᠎ᠠ ᠵᠣᠯᠭᠠᠭᠤᠯᠵᠤ᠂ ᠨᠡᠶᠢᠲᠡ 21 ᠤᠳᠠᠭ᠎ᠠ ᠵᠣᠯᠭᠠᠭᠤᠯᠪᠠ᠃       ᠦᠢᠯᠡᠴᠢᠯᠡᠭᠡ ᠶᠢ ᠴᠢᠬᠤᠯᠠᠴᠢᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ      ᠡᠵᠡᠩᠨᠡᠯᠲᠡ ᠶᠢᠨ ᠴᠢᠨᠠᠷ ᠰᠠᠶᠢᠲᠠᠢ ᠣᠷᠴᠢᠨ ᠲᠣᠭᠤᠷᠢᠨ ᠪᠣᠯ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢᠨ ᠦᠩ ᠰᠢᠮᠡᠯᠢᠭ ᠬᠥᠷᠥᠰᠥ ᠰᠢᠷᠣᠢ ᠮᠥᠨ᠂ ᠨᠡᠩ ᠴᠤ ᠠᠵᠤ ᠠᠬᠤᠶᠢᠯᠠᠯ ᠤᠨ ︽ᠡᠯᠰᠡᠵᠦ ᠳᠡᠶᠢᠯᠬᠦ︾ ︽ᠦᠯᠡᠳᠡᠭᠡᠵᠦ ᠳᠡᠶᠢᠯᠬᠦ︾ ᠶᠢᠨ ᠴᠢᠬᠤᠯᠠ ᠨᠥᠬᠦᠴᠡᠯ ᠮᠥᠨ᠃      2 ᠰᠠᠷ᠎ᠠ ᠶᠢᠨ 7 ᠤ ᠡᠳᠦᠷ᠂ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠨᠥᠬᠦᠷ ᠤᠨ ᠳᠠᠭᠠᠭᠤᠯᠤᠭᠴᠢ ᠨᠠᠷ ᠤᠷᠢᠳ ᠬᠤᠵᠢᠳ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠳᠤ ︽ᠶᠡᠬᠡᠪᠡᠷ ᠰᠤᠷᠪᠤᠯᠵᠢᠯᠠᠬᠤ᠂ ᠶᠡᠬᠡᠪᠡᠷ ᠪᠠᠶᠢᠴᠠᠭᠠᠨ ᠰᠤᠳᠤᠯᠬᠤ︾ ᠠᠵᠢᠯᠯᠠᠭ᠎ᠠ ᠥᠷᠨᠢᠭᠦᠯᠵᠡᠢ᠃ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠪᠠᠶᠠᠷ ᠤᠨ ᠳᠠᠷᠠᠭᠠᠬᠢ ᠦᠢᠯᠡᠳᠪᠦᠷᠢᠯᠡᠯ ᠡᠵᠡᠩᠨᠡᠯᠲᠡ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠪᠣᠯᠤᠨ ᠠᠵᠢᠯ ᠤᠨ ᠰᠠᠨᠠᠭᠤᠯᠭ᠎ᠠ ᠶᠢ ᠨᠢᠭᠤᠷᠳᠠᠨ ᠰᠣᠨᠣᠰᠴᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ ᠪᠣᠭᠤᠮᠢ ᠶᠢᠨ ᠰᠢᠯᠲᠠᠭᠠᠨ ᠢ ᠭᠦᠨᠵᠡᠭᠡᠢ ᠵᠠᠳᠠᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠠᠳᠬᠤᠬᠤ ᠳᠤ ᠰᠠᠶᠢᠨ ᠳᠠᠭᠠᠭᠤᠯᠵᠤ᠂ ᠦᠯᠢᠭᠡᠷ ᠳᠠᠭᠤᠷᠢᠶᠠᠯ ᠦᠵᠡᠭᠦᠯᠪᠡ᠃      ᠰᠢᠩ ᠡᡁᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠨᠥᠬᠦᠷ ︵ᠳᠤᠮᠳᠠ︶ ᠪᠦᠯᠬᠦᠮ ᠳᠠᠭᠠᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠵᠦ ︽ᠶᠡᠬᠡᠪᠡᠷ ᠰᠤᠷᠪᠤᠯᠵᠢᠯᠠᠵᠤ ᠶᠡᠬᠡᠪᠡᠷ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠥᠷᠨᠢᠭᠦᠯᠵᠡᠢ᠃ ︵ᠰᠡᠭᠦᠳᠡᠷᠯᠡᠪᠡ︶      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠪᠣᠯᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠳᠤ ᠲᠦᠰᠢᠭᠯᠡᠨ ᠬᠥᠮᠦᠰ ᠤᠨ ᠬᠦᠷᠢᠶᠡᠯᠡᠯ ᠢ ᠤᠯᠬᠤ ᠪᠠᠷ ᠪᠠᠷᠠᠬᠤ ᠦᠭᠡᠢ᠂ ᠨᠡᠩ ᠴᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠪᠡᠯᠡ ᠣᠷᠣᠭᠤᠯᠤᠭᠴᠢᠳ ᠢ ᠲᠠᠲᠠᠬᠤ ᠬᠡᠷᠡᠭᠲᠡᠶ᠂ ᠡᠨᠡ ᠨᠢ ᠪᠠᠰᠠ ᠴᠤ ᠦᠯᠡᠮᠵᠢ ᠤᠯᠠᠨ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠰᠢᠩ ᠾᠧ ᠰᠢᠶᠠᠨ ᠳᠤ ᠣᠷᠣᠵᠤ ᠰᠠᠭᠤᠬᠤ ᠶᠢ ᠰᠣᠩᠭᠤᠭᠰᠠᠨ ᠤ ᠰᠢᠯᠲᠠᠭᠠᠨ ᠤ ᠨᠢᠭᠡ ᠪᠣᠯᠤᠨ᠎ᠠ᠃      ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠤ ᠬᠠᠮᠤᠭ ᠤᠨ ᠰᠠᠶᠢᠨ ᠭᠡᠵᠦ ᠪᠠᠶᠢᠬᠤ ᠥᠬᠡᠶ᠂ ᠨᠠᠩ ᠰᠠᠶᠢᠨ ᠭᠡᠵᠦ ᠪᠠᠶᠢᠬᠤ ᠥᠬᠡᠶ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠴᠠ ᠪᠢᠰᠢ᠂ ᠳᠠᠭᠤᠰᠬᠤ ᠴᠠᠭ ᠭᠡᠵᠦ ᠪᠠᠶᠢᠬᠤ ᠥᠬᠡᠶ᠂ ᠶᠠᠪᠤᠭᠳᠠᠬᠤ ᠴᠠᠭ ᠭᠡᠵᠦ ᠪᠠᠶᠢᠬᠤ ᠥᠬᠡᠶ᠃ ︽ᠮᠠᠨ ᠤ ᠠᠵᠤ ᠠᠬᠤᠶᠢᠯᠠᠯ ᠰᠠᠭᠤᠷᠢᠰᠢᠬᠤ ᠠᠴᠠ ᠡᠮᠦᠨ᠎ᠡ᠂ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠮᠠᠨ ᠤ ᠠᠵᠤ ᠠᠬᠤᠶᠢᠯᠠᠯᠲᠠᠨ ᠢ ︿ᠥᠪᠡᠷ ᠤᠨ ᠬᠥᠮᠦᠨ﹀ ᠪᠣᠯᠭᠠᠵᠤ᠂ ᠠᠵᠤ ᠠᠬᠤᠶᠢᠯᠠᠯ ᠤᠨ ᠶᠠᠪᠤᠳᠠᠯ ᠢ ︿ᠥᠪᠡᠷ ᠤᠨ ᠶᠠᠪᠤᠳᠠᠯ﹀ ᠪᠣᠯᠭᠠᠵᠤ᠂ ᠮᠠᠨ ᠤ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠪᠠᠴᠢᠮ ᠲᠤᠯᠭᠠᠮ᠎ᠠ ᠪᠠ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ ᠥᠭᠲᠡᠭ ᠶᠤᠮ︾᠃ ᠭᠡᠵᠦ ᠥᠪᠥᠷ ᠮᠣᠩᠭᠤᠯ ᠤᠨ ᠴᠤᠸᠠᠨ ᠱᠦᠨ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠬᠤᠢ ᠴᠤᠸᠠᠨ ᠬᠡᠯᠡᠪᠡ᠃      ᠠᠵᠤ ᠠᠬᠤᠶᠢᠯᠠᠯ ᠶᠠᠭᠤ ᠶᠢ ᠠᠩᠬᠠᠷᠪᠠᠯ ᠰᠢᠩ ᠡᡁᠧ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠠᠷᠤᠢ ᠶᠠᠭᠤ ᠶᠢ ᠠᠩᠬᠠᠷᠤᠨ᠎ᠠ᠃ ᠡᠶᠢᠮᠦ ᠠᠴᠠ᠂ ᠰᠢᠩ ᠡᡁᠧ ᠰᠢᠶᠠᠨ ︽ᠰᠢᠩ ᠡᡁᠧ ᠰᠢᠶᠠᠨ ᠤ ᠭᠠᠵᠠᠷ ᠤᠨ ᠲᠡᠰ ᠤᠨ ᠤᠳᠤᠷᠢᠳᠬᠤ ᠺᠠᠳ᠋ᠷ ᠠᠵᠤ ᠠᠬᠤᠶᠢᠯᠠᠯ ᠳᠤ ᠭᠦᠨᠵᠡᠭᠡᠶᠢᠷᠡᠵᠦ ︿ᠶᠡᠬᠡᠪᠡᠷ ᠰᠤᠷᠪᠤᠯᠵᠢᠯᠠᠬᠤ᠂ ᠶᠡᠬᠡᠪᠡᠷ ᠪᠠᠶᠢᠴᠠᠭᠠᠨ ᠰᠤᠳᠤᠯᠤᠯᠲᠠ ᠬᠢᠬᠦ﹀ ᠠᠵᠢᠯᠯᠠᠭ᠎ᠠ ᠥᠷᠨᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ︽ᠲᠡᠷᠢᠭᠦᠨ ᠳᠤ ᠲᠠᠯᠪᠢᠬᠤ︾ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠦᠴᠦᠨ ᠦᠭᠡᠢ ᠪᠣᠯᠭᠠᠭᠰᠠᠨ᠂ ᠳᠤᠬᠢᠷᠠᠭᠤᠯᠤᠯᠳᠠ ᠬᠢᠭᠰᠡᠨ ᠪᠠ ᠬᠦᠯᠢᠶᠡᠨ ᠠᠪᠤᠭᠰᠠᠨ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠡᠮᠬᠢᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠦᠷᠭᠦᠯᠵᠢᠯᠡᠨ ᠪᠠᠭᠠᠰᠬᠠᠵᠤ᠂ ᠬᠠᠮᠢᠶᠠᠷᠬᠤ ᠶᠣᠰᠣᠲᠠᠢ ᠶᠢ ᠨᠢ ᠰᠠᠶᠢᠲᠤᠷ ᠬᠠᠮᠢᠶᠠᠷᠴᠤ᠂ ᠬᠠᠮᠢᠶᠠᠷᠬᠤ ᠶᠣᠰᠣ ᠦᠭᠡᠢ ᠶᠢ ᠨᠢ ᠦᠨᠡᠨᠬᠦ ᠭᠦᠢᠴᠡᠳ ᠲᠠᠯᠪᠢᠵᠤ᠂ ᠵᠠᠬ᠎ᠠ ᠳᠡᠯᠭᠡᠭᠦᠷ ᠤᠨ ᠬᠦᠯᠢᠶᠡᠰᠦᠯᠡᠯ ᠢ ᠦᠨᠡᠨᠬᠦ ᠰᠤᠯᠠᠯᠠᠵᠠᠢ᠃ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ ᠬᠤᠳᠠ ᠶᠢᠨ ᠶᠡᠭᠡ ᠲᠠᠷᠢᠬᠢᠨ ᠤ ᠪᠠᠶᠢᠭᠤᠯᠤᠯᠲᠠ ᠶᠢ ᠲᠦᠷᠭᠡᠳᠬᠡᠵᠦ᠂ ᠲᠤᠭ᠎ᠠ ᠪᠠᠷᠢᠮᠲᠠ ᠶᠢᠨ ᠵᠦᠷᠢᠶ᠎ᠡ ᠶᠢ ᠠᠷᠢᠯᠭᠠᠵᠤ ᠂ ᠮᠡᠳᠡᠭᠡ ᠵᠠᠩᠭᠢ ᠶᠢᠨ ᠥᠨᠥᠴᠢᠨ ᠠᠷᠠᠯ ᠢ ᠡᠪᠳᠡᠵᠦ᠂ ᠲᠤᠭ᠎ᠠ ᠪᠠᠷᠢᠮᠲᠠ ᠶᠢ ᠢᠯᠡᠭᠦᠦ ᠭᠦᠶᠦᠯᠭᠡᠬᠦ᠂ ᠤᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨᠬᠦ ᠪᠡᠶᠡᠯᠡᠭᠦᠯᠵᠦ᠂ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠥᠷᠢᠰᠥᠯᠳᠦᠭᠡᠨ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠡᠷᠬᠡ ᠲᠡᠭᠰᠢ ᠲᠥᠪ ᠭᠤᠣᠯᠴᠢ ᠬᠠᠤᠯᠢᠵᠢᠯ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠨ᠎ᠠ᠃      ᠰᠢᠨ᠎ᠡ ᠠᠶᠠᠨ ᠳᠤ᠂ ᠠᠷᠠᠯᠵᠢᠶᠠᠴᠢᠨ ᠤᠷᠢᠬᠤ ᠠᠯᠬᠤᠭ᠎ᠠ ᠪᠠᠨ ᠵᠤᠬᠰᠤᠰᠢ ᠦᠭᠡᠢ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠳᠤ ᠬᠠᠯᠠᠭᠤᠨ ᠰᠡᠳᠬᠢᠯ ᠲᠠᠢ᠂ ᠬᠡᠷᠡᠭᠵᠢᠭᠦᠯᠬᠦ ᠳᠤ ᠡᠷᠴᠢᠮ ᠲᠠᠢ ᠁ ᠰᠢᠨ᠎ᠡ ᠭᠠᠷᠤᠭ᠎ᠠ ᠳᠡᠭᠡᠷ᠎ᠡ᠂ ᠰᠢᠩ ᠡᡁᠧ ᠰᠢᠶᠠᠨ ᠤ ᠬᠢᠨ ᠨᠡᠩ ᠴᠤᠭ ᠪᠠᠳᠠᠷᠠᠩᠭᠤᠢ ᠲᠦᠷᠢ ᠲᠥᠷᠬᠦ ᠪᠠᠷ ᠲᠦᠷᠪᠡᠨ ᠵᠦᠭ ᠤᠨ ᠵᠣᠴᠢᠳ ᠢ ᠥᠷᠭᠡᠨ ᠢᠶᠠᠷ ᠴᠤᠭᠯᠠᠭᠤᠯᠵᠤ᠂ ᠬᠥᠭᠵᠢᠯᠲᠡ ᠶᠢ ᠡᠷᠢᠯᠬᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠭᠰᠠᠨ ᠦᠷ᠎ᠡ ᠪᠦᠲᠦᠮᠵᠢ ᠪᠠᠷ ᠢᠶᠠᠨ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠬᠥᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ ︵ᠵᠣᠬᠢᠶᠠᠭᠴᠢ᠄ ᠵᠦᠩ ᠵᠧᠨ ᠵᠢᠶᠦ᠋ᠨ︶                                                             ᠵᠣᠬᠢᠶᠠᠭᠴᠢ᠄ ᠵᠦᠩ ᠵᠧᠨ ᠵᠢᠶᠦ᠋ᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3