ᠬᠠᠪᠤᠷ ᠢᠷᠡᠪᠡᠯ ᠬᠡᠷᠬᠢᠨ ᠰᠢᠨᠵᠢᠯᠡᠬᠦ ᠤᠬᠠᠭᠠᠨᠴᠢ ᠪᠠᠷ ᠬᠥᠳᠡᠯᠬᠦ ᠪᠤᠢ
ᠨᠡᠶᠢᠲᠡᠯᠡᠭᠰᠡᠨ ᠴᠠᠭ᠄
2023/2/23
     ᠬᠠᠪᠤᠷ ᠶᠠᠮᠠᠷ ᠶᠠᠮᠠᠷ ᠲᠠᠮᠢᠷ ᠤᠨ ᠬᠥᠳᠡᠯᠭᠡᠭᠡᠨ ᠳᠤ ᠲᠣᠬᠢᠷᠠᠬᠤ ᠪᠣᠢ      ᠬᠠᠪᠤᠷ ᠲᠦᠮᠡᠨ ᠪᠣᠳᠠᠰ ᠠᠮᠢᠯᠠᠨ ᠰᠡᠷᠭᠦᠵᠦ᠂ ᠤᠷᠢᠬᠠᠨ ᠬᠠᠪᠤᠷ ᠳᠤᠯᠠᠭᠠᠷᠠᠨ ᠴᠡᠴᠡᠭ ᠳᠡᠯᠭᠡᠷᠡᠨ᠎ᠡ᠃ ᠬᠠᠪᠤᠷ ᠪᠣᠯᠬᠤ ᠳᠤ ᠰᠢᠨ᠎ᠡ ᠬᠦᠰᠡᠯ ᠡᠷᠡᠮᠡᠯᠵᠡᠯ ᠢ ᠡᠪᠦᠷᠯᠡᠨ᠂ ᠰᠢᠨ᠎ᠡ ᠡᠬᠢᠯᠡᠯᠲᠡ ᠶᠢ ᠬᠠᠷᠠᠭᠤᠯᠵᠤ ᠪᠠᠶᠢᠳᠠᠭ᠂ ᠭᠡᠪᠡᠴᠦ ᠬᠡᠷᠪᠡ ᠡᠷᠡᠭᠦᠯ ᠴᠢᠭᠢᠷᠠᠭ ᠪᠡᠶ᠎ᠡ ᠮᠠᠬᠠᠪᠣᠳ ᠪᠠᠶᠢᠬᠤ ᠥᠬᠡᠶ ᠪᠣᠯ ᠠᠯᠢᠪᠠ ᠪᠦᠬᠦᠨ ᠴᠥᠮ ᠬᠦᠰᠡᠵᠦ ᠪᠣᠯᠬᠤ ᠠᠴᠠ ᠪᠢᠰᠢ ᠬᠦᠷᠴᠦ ᠴᠢᠳᠠᠬᠤ ᠥᠬᠡᠶ ᠶᠤᠮ᠃ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢ ᠪᠢᠴᠢᠵᠦ ᠭᠠᠷᠭᠠᠭᠰᠠᠨ ᠪᠢᠰᠢ᠂ ᠬᠡᠯᠡᠵᠦ ᠭᠠᠷᠭᠠᠭᠰᠠᠨ ᠴᠤ ᠪᠢᠰᠢ᠂ ᠬᠠᠷᠢᠨ ᠬᠢᠵᠦ ᠭᠠᠷᠭᠠᠭᠰᠠᠨ ᠶᠤᠮ᠃      ᠬᠠᠪᠤᠷ ᠶᠠᠮᠠᠷ ᠶᠠᠩᠵᠤ ᠶᠢᠨ ᠲᠠᠮᠢᠷ ᠤᠨ ᠬᠥᠳᠡᠯᠭᠡᠭᠡᠨ ᠳᠤ ᠲᠣᠬᠢᠷᠠᠳᠠᠭ ᠪᠤᠢ︖  ᠬᠠᠪᠤᠷ ᠪᠣᠯᠬᠤ ᠳᠤ ᠶᠡᠭᠡ ᠪᠠᠶᠢᠭᠠᠯᠢ ᠲᠠᠢ ᠣᠶᠢᠷᠠᠯᠴᠠᠭ᠎ᠠ ᠬᠡᠷ ᠤᠨ ᠭᠠᠳᠠᠨᠠᠬᠢ ᠬᠥᠳᠡᠯᠭᠡᠭᠡᠨ ᠬᠢᠬᠦ ᠳᠤ ᠬᠠᠮᠤᠭ ᠤᠨ ᠲᠣᠬᠢᠷᠠᠮᠵᠢᠲᠠᠶ ᠪᠠᠶᠢᠳᠠᠭ᠂ ᠵᠢᠱᠢᠶᠡᠯᠡᠪᠡᠯ᠂ ᠠᠯᠬᠤᠬᠤ᠂ ᠤᠨᠤᠬᠤ᠂ ᠠᠯᠭᠤᠷ ᠭᠦᠶᠦᠬᠦ᠂ ᠠᠭᠤᠯᠠ ᠠᠪᠠᠷᠢᠬᠤ ᠵᠡᠷᠭᠡ ᠪᠣᠯᠤᠨ᠎ᠠ᠃ ᠬᠠᠪᠤᠷ ᠤᠨ ᠤᠯᠠᠷᠢᠯ ᠳᠤ ᠣᠨᠴᠠᠭᠠᠶ ᠠᠭᠤᠷ ᠠᠮᠢᠰᠬᠤᠯ ᠴᠥᠭᠡᠨ ᠪᠠᠶᠢᠵᠤ᠂ ᠬᠦᠢᠲᠡᠨ ᠴᠦ ᠪᠢᠰᠢ ᠬᠠᠯᠠᠭᠤᠨ ᠴᠤ ᠪᠢᠰᠢ᠂ ᠭᠡᠷ ᠤᠨ ᠭᠠᠳᠠᠨ᠎ᠠ ᠬᠥᠳᠡᠯᠭᠡᠭᠡᠨ ᠬᠢᠬᠦ ᠳᠤ ᠲᠣᠬᠢᠷᠠᠮᠵᠢᠲᠠᠶ ᠪᠠᠶᠢᠳᠠᠭ᠃ ᠬᠠᠪᠤᠷ ᠤᠨ ᠤᠯᠠᠷᠢᠯ ᠳᠤ ᠲᠦᠮᠡᠨ ᠪᠣᠳᠠᠰ ᠤᠷᠭᠤᠵᠤ᠂ ᠠᠭᠠᠷ ᠴᠡᠪᠡᠷ ᠲᠤᠩᠭᠠᠯᠠᠭ᠂ ᠭᠡᠷ ᠤᠨ ᠭᠠᠳᠠᠨᠠᠬᠢ ᠬᠥᠳᠡᠯᠭᠡᠭᠡᠨ ᠲᠠᠭᠠᠯᠠᠮᠵᠢᠲᠠᠶ ᠪᠠᠶᠢᠳᠠᠭ᠃ ᠡᠨᠡ ᠤᠯᠠᠷᠢᠯ ᠳᠤ ᠭᠡᠷ ᠤᠨ ᠭᠠᠳᠠᠨᠠᠬᠢ ᠬᠥᠳᠡᠯᠭᠡᠭᠡᠨ ᠤ ᠬᠡᠯᠪᠡᠷᠢ ᠶᠢ ᠰᠣᠩᠭᠤᠵᠤ ᠪᠣᠯᠤᠨ᠎ᠠ᠂ ᠡᠯ᠎ᠡ ᠨᠠᠰᠤᠨ ᠤ ᠬᠥᠮᠦᠰ ᠪᠠ ᠠᠳᠠᠯᠢ ᠪᠤᠰᠤ ᠡᠷᠡᠭᠦᠯ ᠮᠡᠨᠳᠦ ᠶᠢᠨ ᠪᠠᠶᠢᠳᠠᠯ ᠲᠠᠢ ᠬᠥᠮᠦᠰ ᠲᠤ ᠲᠣᠬᠢᠷᠠᠨ᠎ᠠ᠃ ︽ᠬᠠᠪᠤᠷ ᠪᠣᠯᠤᠯ᠎ᠠ᠂ ᠪᠤᠰᠢᠭᠤᠬᠠᠨ ᠬᠥᠳᠡᠯᠵᠡᠭᠡᠶ᠎ᠡ︕︾ ᠭᠡᠪᠡ᠃ ᠶᠡᠷᠦ ᠨᠢ ᠨᠢᠭᠡ ᠵᠦᠢᠯ ᠤᠨ ᠬᠥᠳᠡᠯᠭᠡᠭᠡᠨ ᠤ ᠬᠡᠯᠪᠡᠷᠢ ᠨᠢ ᠴᠢᠮ᠎ᠠ ᠳᠤ ᠲᠣᠬᠢᠷᠠᠨ᠎ᠠ᠃      ᠶᠠᠭᠠᠬᠢᠵᠤ ᠬᠥᠳᠡᠯᠭᠡᠭᠡᠨ ᠤ ᠬᠦᠴᠦᠯᠡᠴᠡ ᠲᠣᠬᠢᠷᠠᠮᠵᠢᠲᠠᠢ ᠡᠰᠡᠬᠦ ᠶᠢ ᠮᠠᠭᠠᠳᠯᠠᠬᠤ ᠪᠤᠢ      ᠲᠣᠬᠢᠷᠠᠮᠵᠢᠲᠠᠶ ᠬᠥᠳᠡᠯᠭᠡᠭᠡᠨ ᠤ ᠬᠦᠴᠦᠯᠡᠴᠡ ᠨᠢ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠲᠦᠢᠯ ᠤᠨ ᠴᠢᠬᠤᠯᠠ ᠪᠠᠶᠢᠳᠠᠭ᠃ ᠬᠥᠳᠡᠯᠭᠡᠭᠡᠨ ᠤ ᠬᠦᠴᠦᠯᠡᠴᠡ ᠨᠢ ᠬᠡᠲᠦᠷᠬᠡᠶ ᠴᠢᠩᠭ᠎ᠠ ᠪᠣᠯ ᠪᠡᠶ᠎ᠡ ᠮᠠᠬᠠᠪᠣᠳ ᠢ ᠭᠡᠮᠲᠦᠭᠡᠵᠦ ᠮᠡᠳᠡᠨ᠎ᠡ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠦᠴᠦᠯᠡᠴᠡ ᠬᠦᠷᠦᠯᠴᠡᠬᠦ ᠦᠭᠡᠢ ᠪᠣᠯ ᠡᠷᠡᠭᠦᠯ ᠮᠡᠨᠳᠦ ᠳᠤ ᠲᠤᠩ ᠪᠠᠭ᠎ᠠ ᠨᠥᠯᠥᠭᠡ ᠦᠵᠡᠭᠦᠯᠦᠨ᠎ᠡ᠃ ᠡᠶᠢᠮᠦ ᠠᠴᠠ ᠰᠠᠶᠢᠨ ᠪᠡᠶ᠎ᠡ ᠲᠠᠢ ᠪᠣᠯᠤᠶ᠎ᠠ ᠭᠡᠪᠡᠯ ᠲᠣᠬᠢᠷᠠᠮᠵᠢᠲᠠᠶ ᠬᠥᠳᠡᠯᠭᠡᠭᠡᠨ ᠤ ᠬᠦᠴᠦᠯᠡᠴᠡ ᠶᠢ ᠰᠣᠩᠭᠤᠬᠤ ᠬᠡᠷᠡᠭᠲᠡᠶ᠃ ᠬᠥᠳᠡᠯᠭᠡᠭᠡᠨ ᠤ ᠬᠦᠴᠦᠯᠡᠴᠡ ᠶᠢᠨ ᠲᠣᠬᠢᠷᠠᠮᠵᠢᠲᠠᠶ ᠭᠡᠳᠡᠭ ᠨᠢ ᠬᠥᠮᠦᠨ ᠨᠢᠭᠡᠪᠦᠷᠢ ᠳᠤ ᠴᠢᠭᠯᠡᠭᠦᠯᠵᠦ ᠬᠡᠯᠡᠭᠰᠡᠨ ᠦᠭᠡ ᠶᠤᠮ᠂ ᠥᠪᠡᠷ ᠤᠨ ᠪᠡᠶ᠎ᠡ ᠶᠢᠨ ᠨᠠᠰᠤ᠂ ᠪᠡᠶ᠎ᠡ ᠶᠢᠨ ᠪᠠᠶᠢᠳᠠᠯ᠂ ᠦᠨᠳᠦᠰᠦᠨ ᠡᠪᠡᠳᠴᠢᠨ ᠪᠠᠶᠢᠬᠤ ᠡᠰᠡᠬᠦ᠂ ᠡᠩ ᠤᠨ ᠦᠶ᠎ᠡ ᠶᠢᠨ ᠬᠥᠳᠡᠯᠭᠡᠭᠡᠨ ᠤ ᠬᠡᠮᠵᠢᠶ᠎ᠡ ᠶᠢᠨ ᠠᠷᠪᠢᠨ ᠪᠠ ᠪᠠᠭ᠎ᠠ ᠶᠢ ᠦᠨᠳᠦᠰᠦᠯᠡᠨ ᠲᠣᠭᠲᠠᠭᠠᠨ᠎ᠠ᠃      ᠨᠡᠶᠢᠳᠡᠮ ᠬᠡᠷᠡᠭᠯᠡᠬᠦ ᠵᠠᠷᠴᠢᠮ ᠪᠣᠯ᠄ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠴᠢᠳᠠᠯ ᠤᠨ ᠢᠶᠠᠨ ᠬᠢᠷᠢ ᠪᠠᠷ ᠬᠢᠬᠦ ᠶᠠᠪᠤᠳᠠᠯ ᠪᠣᠯᠤᠨ᠎ᠠ᠃ ᠶᠠᠮᠠᠷ ᠵᠦᠢᠯ ᠤᠨ ᠬᠥᠳᠡᠯᠭᠡᠭᠡᠨ ᠤ ᠠᠷᠭ᠎ᠠ ᠶᠢ ᠰᠣᠩᠭᠤᠭᠰᠠᠨ ᠴᠤ ᠬᠥᠳᠡᠯᠭᠡᠭᠡᠨ ᠤ ᠬᠡᠮᠵᠢᠶ᠎ᠡ ᠬᠡᠲᠦᠷᠡᠪᠡᠯ ᠵᠢᠷᠦᠬᠡᠨ ᠤ ᠴᠣᠬᠢᠯᠲᠠ ᠶᠢ ᠲᠦᠷᠭᠡᠳᠬᠡᠵᠦ᠂ ᠶᠠᠳᠠᠷᠠᠭ᠎ᠠ ᠶᠢ ᠬᠥᠩᠭᠡᠷᠡᠭᠦᠯᠬᠦ ᠳᠤ ᠬᠦᠴᠢᠷ ᠪᠠᠶᠢᠳᠠᠭ᠃ ᠡᠶᠢᠮᠦ ᠠᠴᠠ ᠠᠯᠬᠤᠮ ᠳᠠᠷᠠᠭ᠎ᠠ ᠲᠠᠢ ᠪᠠᠷ ᠬᠥᠳᠡᠯᠭᠡᠭᠡᠨ ᠤ ᠬᠡᠮᠵᠢᠶ᠎ᠡ ᠪᠠᠨ ᠨᠡᠮᠡᠭᠳᠡᠭᠦᠯᠬᠦ ᠠᠴᠠ ᠭᠠᠳᠠᠨ᠎ᠠ᠂ ᠵᠢᠷᠦᠬᠡᠨ ᠤ ᠳᠠᠪᠲᠠᠮᠵᠢ ᠪᠠ ᠪᠡᠶ᠎ᠡ ᠮᠠᠬᠠᠪᠣᠳ ᠤᠨ ᠶᠠᠳᠠᠷᠠᠯ ᠢ ᠠᠩᠬᠠᠷᠬᠤ ᠬᠡᠷᠡᠭᠲᠡᠶ᠂ ᠡᠨᠡ ᠨᠢ ᠳᠥᠭᠦᠮ ᠬᠢᠯᠪᠠᠷ ᠮᠥᠷᠲᠡᠭᠡᠨ ᠣᠨᠣᠪᠴᠢᠲᠠᠶ ᠶᠤᠮ᠃      ᠮᠥᠨ ᠭᠦᠶᠦᠬᠦ ᠪᠠᠷ ᠵᠢᠱᠢᠶᠡᠯᠡᠬᠦ ᠳᠤ᠂ ᠬᠥᠳᠡᠯᠭᠡᠭᠡᠨ ᠬᠢᠭᠰᠡᠳ ᠤᠨ ᠲᠣᠬᠢᠷᠠᠮᠵᠢᠲᠠᠶ ᠬᠥᠳᠡᠯᠭᠡᠭᠡᠨ ᠤ ᠬᠦᠴᠦᠯᠡᠴᠡ ᠳᠤ ᠠᠭᠠᠵᠢᠮ ᠢᠶᠠᠷ ᠵᠣᠬᠢᠴᠠᠬᠤ ᠶᠢ ᠳᠠᠭᠠᠯᠳᠤᠨ᠂ ᠭᠦᠶᠦᠬᠦ ᠵᠠᠶ ᠨᠢ ᠤᠯᠠᠮ ᠠᠴᠠ ᠤᠯᠠᠮ ᠣᠷᠳᠣ ᠪᠣᠯᠵᠣ᠂ ᠭᠦᠶᠦᠬᠦ ᠬᠤᠷᠳᠤᠴᠠ ᠨᠢ ᠤᠯᠠᠮ ᠢᠶᠠᠷ ᠲᠦᠷᠭᠡᠰᠳᠡᠭ᠃ ᠡᠨᠡ ᠦᠶ᠎ᠡ ᠳᠤ᠂ ᠵᠢᠷᠦᠬᠡᠨ ᠤ ᠳᠠᠪᠲᠠᠮᠵᠢ ᠭᠦᠶᠦᠬᠦ ᠵᠠᠶ ᠶᠢᠨ ᠨᠡᠮᠡᠭᠳᠡᠬᠦ ᠪᠠ ᠬᠤᠷᠳᠤᠴᠠ ᠲᠣᠬᠢᠷᠠᠭᠤᠯᠬᠤ ᠶᠢᠨ ᠲᠦᠷᠭᠡᠳᠬᠦ ᠶᠢ ᠳᠠᠭᠠᠯᠳᠤᠨ ᠨᠡᠩ ᠬᠤᠷᠳᠤᠨ ᠪᠣᠯᠬᠤ ᠦᠭᠡᠢ᠂ ᠶᠠᠳᠠᠷᠠᠬᠤ ᠰᠡᠷᠡᠯ ᠨᠢ ᠮᠠᠰᠢ ᠲᠦᠷᠭᠡᠨ ᠠᠷᠢᠯᠳᠠᠭ᠂ ᠡᠨᠡ ᠪᠣᠯ ᠳᠠᠷᠤᠶ ᠲᠣᠬᠢᠷᠠᠮᠵᠢᠲᠠᠶ ᠬᠥᠳᠡᠯᠭᠡᠭᠡᠨ ᠤ ᠬᠦᠴᠦᠯᠡᠴᠡ ᠪᠣᠯᠤᠨ᠎ᠠ᠃      ᠠᠩᠬᠠᠷᠤᠭᠤᠰᠢᠲᠠᠶ ᠨᠢ᠂ ︽ᠶᠠᠩ ᠺᠠᠩ︾᠎ ᠠᠴᠠ ᠰᠡᠭᠦᠯᠡᠷ᠂ ᠣᠯᠠᠨ ᠢᠶᠠᠷ ᠢᠶᠠᠨ ᠬᠠᠰᠢ ᠯᠠ ᠬᠥᠳᠡᠯᠭᠡᠭᠡᠨ ᠤ ᠬᠦᠴᠦᠯᠡᠴᠡ ᠪᠠᠨ ᠠᠯᠢ ᠴᠢᠳᠠᠬᠤ ᠪᠠᠷ ᠪᠠᠭ᠎ᠠ ᠰᠠᠭ᠎ᠠ ᠬᠠᠳᠠᠭᠠᠯᠠᠵᠤ᠂ ᠡᠩ ᠤᠨ ᠦᠶ᠎ᠡ ᠶᠢᠨ ᠬᠥᠳᠡᠯᠭᠡᠭᠡᠨ ᠤ ᠬᠦᠴᠦᠯᠡᠴᠡ ᠶᠢᠨ 50%᠎ ᠶᠢ ᠰᠣᠩᠭᠤᠵᠤ᠂ ᠬᠠᠮᠤᠭ ᠥᠨᠳᠥᠷ ᠲᠡᠭᠡᠨ 80%᠎ ᠶᠢ ᠡᠵᠡᠯᠡᠵᠦ ᠪᠣᠯᠤᠨ᠎ᠠ᠃ ᠬᠥᠳᠡᠯᠭᠡᠭᠡᠨ ᠢ ᠪᠡᠶ᠎ᠡ ᠮᠠᠬᠠᠪᠣᠳ ᠤᠨ ᠤᠭ ᠤᠨ ᠪᠠᠶᠢᠳᠠᠯ ᠳᠠᠭᠠᠨ ᠣᠷᠣᠬᠤ ᠶᠢ ᠠᠬᠢᠭᠤᠯᠬᠤ ᠨᠢᠭᠡ ᠵᠦᠢᠯ ᠤᠨ ᠬᠡᠯᠪᠡᠷᠢ ᠪᠣᠯᠭᠠᠬᠤ ᠠᠴᠠ ᠪᠢᠰᠢ᠂ ᠬᠠᠷᠢᠨ ᠡᠨᠡ ᠦᠶ᠎ᠡ ᠶᠢᠨ ᠬᠥᠳᠡᠯᠭᠡᠭᠡᠨ ᠤ ᠬᠡᠮᠵᠢᠶ᠎ᠡ ᠪᠠ ᠬᠥᠳᠡᠯᠭᠡᠭᠡᠨ ᠤ ᠬᠢᠷᠢ ᠪᠦᠲᠦᠮᠵᠢ ᠶᠢ ᠬᠡᠲᠦᠷᠬᠡᠶ ᠴᠢᠬᠤᠯᠠᠴᠢᠯᠠᠵᠤ ᠪᠣᠯᠬᠤ ᠦᠭᠡᠢ᠃      ᠬᠥᠳᠡᠯᠭᠡᠭᠡᠨ ᠤ ᠡᠮᠦᠨ᠎ᠡ ᠬᠤᠶᠢᠨ᠎ᠠ ᠶᠠᠮᠠᠷ ᠠᠩᠬᠠᠷᠬᠤ ᠵᠦᠢᠯ ᠪᠠᠶᠢᠬᠤ ᠪᠣᠢ︖      ᠬᠥᠳᠡᠯᠭᠡᠭᠡᠨ ᠬᠢᠬᠦ ᠠᠴᠠ ᠡᠮᠦᠨ᠎ᠡ᠂ ᠬᠥᠮᠦᠨ ᠪᠣᠯᠭᠠᠨ ᠪᠡᠶ᠎ᠡ ᠶᠢᠨ ᠪᠠᠶᠢᠳᠠᠯ ᠢᠶᠠᠨ ᠳᠥᠭᠦᠮᠬᠡᠨ ᠦᠨᠡᠯᠡᠬᠦ ᠬᠡᠷᠡᠭᠲᠡᠶ᠃      1. ᠪᠡᠶ᠎ᠡ ᠮᠠᠬᠠᠪᠣᠳ ᠤᠨ ᠡᠪ ᠦᠭᠡᠶᠢᠷᠡᠬᠦ ᠢᠯᠡᠷᠡᠯ ᠪᠠᠶᠢᠬᠤ ᠡᠰᠡᠬᠦ ᠶᠢ ᠠᠵᠢᠭᠯᠠᠨ᠎ᠠ᠃      2. ᠬᠥᠳᠡᠯᠭᠡᠭᠡᠨ ᠬᠢᠬᠦ ᠬᠦᠰᠡᠯ ᠲᠠᠢ ᠪᠠᠶᠢᠬᠤ ᠡᠰᠡᠬᠦ᠂ ᠬᠥᠳᠡᠯᠭᠡᠭᠡᠨ ᠬᠢᠬᠦ ᠳᠤᠷᠠᠲᠠᠶ ᠪᠠᠶᠢᠬᠤ ᠡᠰᠡᠬᠦ᠃      3. ᠨᠦᠢᠷ ᠭᠦᠢᠴᠡᠳ ᠪᠠᠶᠢᠬᠤ ᠡᠰᠡᠬᠦ᠃ ᠨᠦᠢᠷ ᠭᠦᠢᠴᠡᠳ ᠦᠭᠡᠢ ᠪᠣᠯ ᠬᠥᠳᠡᠯᠭᠡᠭᠡᠨ ᠬᠢᠬᠦ ᠳᠤ ᠲᠣᠬᠢᠷᠠᠬᠤ ᠦᠭᠡᠢ᠃      4. ᠬᠥᠳᠡᠯᠭᠡᠭᠡᠨ ᠬᠢᠬᠦ ᠳᠡᠭᠡᠨ ᠥᠯᠥᠨ ᠢᠶᠠᠷ ᠠᠭᠠᠰᠢᠯᠠᠬᠤ ᠦᠭᠡᠶ ᠪᠣᠯ ᠬᠠᠮᠤᠭ ᠰᠠᠶᠢᠨ᠃ ᠬᠥᠳᠡᠯᠭᠡᠭᠡᠨ ᠬᠢᠬᠦ ᠠᠴᠠ ᠡᠮᠦᠨ᠎ᠡ ᠪᠠᠨᠠᠨᠠ᠂ ᠨᠡᠭᠦᠷᠡᠰᠦ ᠤᠰᠤᠨ ᠤ ᠨᠢᠭᠡᠳᠪᠦᠷᠢ ᠵᠡᠷᠭᠡ ᠶᠢᠨ ᠡᠨᠧᠷᠭᠢ ᠶᠢ ᠵᠣᠬᠢᠬᠤ ᠬᠡᠮᠵᠢᠶ᠎ᠡ ᠪᠠᠷ ᠨᠥᠬᠦᠪᠥᠷᠢᠯᠡᠨ᠎ᠡ᠃      5. ᠬᠡᠷᠪᠡ ᠭᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠢ ᠰᠣᠩᠭᠤᠪᠠᠯ᠂ ᠴᠠᠭ ᠠᠭᠤᠷ ᠤᠨ ᠪᠠᠶᠢᠳᠠᠯ ᠴᠤ ᠮᠠᠰᠢ ᠴᠢᠬᠤᠯᠠ ᠪᠠᠶᠢᠳᠠᠭ᠃ ᠬᠠᠬᠢᠷ ᠬᠦᠢᠲᠡᠨ᠂ ᠶᠡᠭᠡ ᠰᠠᠯᠬᠢ᠂ ᠪᠣᠬᠢᠷ ᠮᠠᠨᠠᠨ ᠮᠡᠲᠦ ᠶᠢᠨ ᠲᠦᠢᠯ ᠤᠨ ᠠᠭᠤᠷ ᠠᠮᠢᠰᠬᠤᠯ ᠬᠥᠳᠡᠯᠭᠡᠭᠡᠨ ᠬᠢᠬᠦ ᠳᠤ ᠳᠣᠭᠢᠷᠠᠬᠤ ᠦᠭᠡᠶ ᠪᠠᠶᠢᠳᠠᠭ᠃ ᠠᠭᠠᠷ ᠤᠨ ᠳᠤᠯᠠᠭᠠᠨ ᠳᠣᠣᠷ᠎ᠠ ᠴᠠᠭ ᠠᠭᠤᠷ ᠲᠣᠬᠢᠶᠠᠯᠳᠤᠪᠠᠯ ᠭᠡᠷ ᠤᠨ ᠭᠠᠳᠠᠨ᠎ᠠ ᠬᠥᠳᠡᠯᠭᠡᠭᠡᠨ ᠬᠢᠬᠦ ᠳᠡᠭᠡᠨ ᠳᠤᠯᠠᠭᠠᠯᠠᠬᠤ ᠶᠢ ᠠᠩᠬᠠᠷᠬᠤ ᠬᠡᠷᠡᠭᠲᠡᠶ᠃      6. ᠬᠡᠷᠪᠡ ᠭᠦᠶᠦᠬᠦ ᠶᠢ ᠰᠣᠩᠭᠤᠪᠠᠯ᠂ ᠭᠦᠶᠦᠬᠦ ᠠᠴᠠ ᠪᠠᠨ ᠡᠮᠦᠨ᠎ᠡ ᠲᠠᠲᠠᠵᠤ ᠰᠤᠩᠭᠠᠬᠤ ᠬᠥᠳᠡᠯᠭᠡᠭᠡᠨ ᠬᠢᠵᠦ᠂ ᠡᠬᠢᠯᠡᠵᠦ ᠭᠦᠶᠦᠬᠦ ᠬᠤᠷᠳᠤᠴᠠ ᠪᠠᠨ ᠬᠡᠲᠦᠷᠬᠡᠶ ᠲᠦᠷᠭᠡᠨ ᠪᠠᠶᠢᠯᠭᠠᠵᠤ ᠪᠣᠯᠬᠤ ᠦᠭᠡᠶ᠂ ᠠᠯᠭᠤᠷ ᠠᠭᠠᠵᠢᠮ ᠢᠶᠠᠷ ᠲᠣᠬᠢᠷᠠᠭᠤᠯᠬᠤ ᠬᠡᠷᠡᠭᠲᠡᠶ᠃      ᠬᠥᠳᠡᠯᠭᠡᠭᠡᠨ ᠳᠠᠭᠤᠰᠤᠭᠰᠠᠨ ᠤ ᠳᠠᠷᠠᠭ᠎ᠠ ᠴᠤ ᠳᠣᠣᠷ᠎ᠠ ᠪᠠᠨ ᠵᠣᠭᠰᠣᠵᠤ ᠪᠣᠯᠬᠤ ᠦᠭᠡᠢ᠂ ᠪᠠᠭ᠎ᠠ ᠰᠠᠭ᠎ᠠ ᠰᠤᠩᠭᠠᠵᠤ ᠰᠤᠯᠠᠳᠬᠠᠬᠤ ᠬᠥᠳᠡᠯᠭᠡᠭᠡᠨ ᠬᠢᠪᠡᠯ ᠵᠣᠬᠢᠨ᠎ᠠ᠃ ᠣᠨᠴᠠᠭᠠᠶᠢᠯᠠᠨ ᠭᠦᠶᠦᠵᠦ ᠪᠠᠷᠠᠭᠰᠠᠨ ᠤ ᠳᠠᠷᠠᠭ᠎ᠠ᠂ ᠵᠢᠷᠦᠬᠡᠨ ᠴᠣᠬᠢᠯᠭ᠎ᠠ ᠶᠢᠨ ᠲᠤᠰᠬᠠᠯ ᠢ ᠦᠵᠡᠵᠦ᠂ ᠵᠢᠷᠦᠬᠡᠨ ᠴᠣᠬᠢᠯᠭ᠎ᠠ ᠶᠢᠨ ᠬᠤᠷᠳᠤᠨ ᠡᠰᠡᠬᠦ ᠶᠢ ᠮᠡᠳᠡᠷᠡᠵᠦ᠂ ᠳᠣᠣᠷ᠎ᠠ ᠪᠠᠨ ᠬᠡᠪ ᠤᠨ ᠵᠢᠷᠦᠬᠡᠨ ᠴᠣᠬᠢᠯᠭ᠎ᠠ ᠶᠢᠨ ᠲᠦᠪᠰᠢᠨ ᠳᠤ ᠬᠦᠷᠴᠦ ᠳᠡᠶᠢᠯᠬᠦ ᠡᠰᠡᠬᠦ ᠶᠢ ᠦᠵᠡᠨ᠎ᠡ᠃ ᠡᠭᠦᠨ ᠤ ᠬᠠᠮᠲᠤ ᠪᠠᠰᠠ ᠬᠥᠳᠡᠯᠭᠡᠭᠡᠨ ᠬᠢᠭᠰᠡᠨ ᠤ ᠳᠠᠷᠠᠭ᠎ᠠ ᠪᠡᠶ᠎ᠡ ᠶᠢᠨ ᠶᠠᠳᠠᠷᠠᠯ ᠢ ᠡᠵᠡᠮᠳᠡᠵᠦ ᠳᠡᠶᠢᠯᠬᠦ ᠡᠰᠡᠬᠦ ᠶᠢ ᠦᠵᠡᠨ᠎ᠡ᠃ ᠬᠥᠳᠡᠯᠭᠡᠭᠡᠨ ᠬᠢᠭᠰᠡᠨ ᠤ ᠳᠠᠷᠠᠭ᠎ᠠ ᠪᠡᠶ᠎ᠡ ᠶᠢᠨ ᠪᠠᠶᠢᠳᠠᠯ ᠢ ᠦᠨᠡᠯᠡᠵᠦ᠂ ᠳᠠᠷᠠᠭ᠎ᠠ ᠤᠳᠠᠭ᠎ᠠ ᠶᠠᠮᠠᠷ ᠶᠠᠩᠵᠤ ᠶᠢᠨ ᠬᠥᠳᠡᠯᠭᠡᠭᠡᠨ ᠤ ᠬᠡᠯᠪᠡᠷᠢ᠂ ᠬᠥᠳᠡᠯᠭᠡᠭᠡᠨ ᠤ ᠬᠡᠮᠵᠢᠶ᠎ᠡ ᠪᠠ ᠬᠥᠳᠡᠯᠭᠡᠭᠡᠨ ᠤ ᠴᠠᠭ ᠢ ᠰᠣᠩᠭᠤᠬᠤ ᠶᠢ ᠲᠣᠭᠲᠠᠭᠠᠨ᠎ᠠ᠃      ᠬᠠᠪᠤᠷ ᠤᠨ ᠬᠦᠢᠳᠡᠨ᠂ ᠭᠦᠶᠦᠬᠦ ᠳᠤ ᠶᠠᠭᠤ ᠶᠢ ᠠᠩᠬᠠᠷᠬᠤ ᠴᠢᠬᠤᠯᠠ ᠲᠠᠢ ᠪᠣᠢ      ᠬᠠᠪᠤᠷ ᠪᠣᠯᠤᠭᠰᠠᠨ ᠴᠤ᠂ ᠵᠠᠷᠢᠮ ᠭᠠᠵᠠᠷ ᠤᠨ ᠬᠡᠷ ᠤᠨ ᠭᠠᠳᠠᠨᠠᠬᠢ ᠳᠤᠯᠠᠭᠠᠨ ᠤ ᠬᠡᠮᠵᠢᠶ᠎ᠡ ᠮᠥᠨ ᠯᠡ ᠳᠣᠤᠷ᠎ᠠ ᠪᠠᠶᠢᠭᠰᠠᠭᠠᠷ᠂ ᠬᠠᠮᠤᠭ ᠳᠣᠤᠷ᠎ᠠ ᠳᠤᠯᠠᠭᠠᠨ ᠤ ᠬᠡᠮᠵᠢᠶ᠎ᠡ ᠨᠢ 0℃᠎ ᠠᠴᠠ ᠳᠣᠷᠣᠭᠰᠢ ᠪᠠᠶᠢᠨ᠎ᠠ᠃ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠨᠡᠩ ᠰᠠᠶᠢᠨ ᠬᠢᠵᠦ᠂ ᠤᠳᠠᠭᠠᠨ ᠳᠠᠭᠠᠭᠠᠮᠠᠭᠠᠶ ᠪᠠᠶᠢᠯᠭᠠᠬᠤ ᠶᠢᠨ ᠲᠥᠯᠥᠭᠡ᠂ ᠴᠢᠨᠠᠭᠰᠢᠯᠠᠪᠠᠯ ᠬᠠᠬᠢᠷ ᠬᠦᠢᠳᠡᠨ ᠦᠶ᠎ᠡ ᠳᠤ ᠴᠦ ︽ᠬᠥᠳᠡᠯᠭᠡᠭᠡᠨ ᠬᠢᠬᠦ ᠦᠭᠡᠢ︾ ᠭᠡᠳᠡᠭ ᠲᠤ ᠰᠢᠯᠲᠠᠭ ᠦᠯᠡᠳᠡᠭᠡᠬᠦ ᠦᠭᠡᠢ ᠪᠠᠶᠢᠬᠤ ᠶᠢᠨ ᠲᠥᠯᠥᠭᠡ᠂ ᠪᠢᠳᠡ ᠵᠥᠪᠬᠡᠨ ᠬᠤᠪᠴᠠᠰᠤ ᠬᠤᠨᠠᠷ ᠤᠨ ᠲᠠᠯ᠎ᠠ ᠪᠠᠷ ᠪᠡᠯᠡᠳᠬᠡᠯ ᠬᠢᠪᠡᠯ ᠡᠪᠦᠯ ᠬᠠᠪᠤᠷ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠣᠯᠢᠯᠴᠠᠭ᠎ᠠ ᠶᠢ ᠤᠷᠤᠭᠰᠢᠲᠠᠶ ᠪᠡᠶᠡᠯᠡᠭᠦᠯᠵᠦ ᠴᠢᠳᠠᠨ᠎ᠠ᠃      ᠥᠷᠯᠥᠭᠡ ᠡᠷᠲᠡ ᠶᠢᠨ ᠠᠭᠠᠷ ᠤᠨ ᠳᠤᠯᠠᠭᠠᠨ ᠨᠡᠯᠢᠶᠡᠳ ᠳᠣᠣᠷ᠎ᠠ ᠤᠴᠢᠷ ᠠᠴᠠ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ᠃ ᠤᠷᠢᠳ ᠢᠶᠠᠷ ᠨᠢᠭᠡ ᠪᠡᠶ᠎ᠡ ᠪᠠᠷᠢᠭᠤ ᠬᠤᠪᠴᠠᠰᠤ ᠡᠮᠦᠰᠴᠦ᠂ ᠪᠤᠯᠴᠢᠩ ᠮᠢᠬ᠎ᠠ ᠶᠢ ᠪᠠᠬᠢᠯᠡᠨ ᠲᠣᠭᠲᠠᠭᠠᠬᠤ ᠮᠥᠷᠲᠡᠭᠡᠨ ᠳᠤᠯᠠᠭᠠᠯᠠᠬᠤ ᠦᠢᠯᠡᠳᠦᠯ ᠲᠠᠢ᠂ ᠳᠠᠬᠢᠭᠠᠳ ᠨᠢᠭᠡ ᠨᠢᠮᠭᠡᠨ ᠪᠡᠶ᠎ᠡ ᠲᠠᠮᠢᠷ ᠤᠨ ᠥᠮᠥᠳᠥ ᠪᠠ ᠨᠢᠭᠡ ᠵᠤᠵᠠᠭᠠᠨ ᠪᠡᠶ᠎ᠡ ᠲᠠᠮᠢᠷ ᠤᠨ ᠬᠤᠪᠴᠠᠰᠤ ᠡᠮᠦᠰᠴᠦ᠂ ᠨᠢᠭᠡ ᠨᠢᠮᠭᠡᠨ ᠬᠦᠵᠦᠭᠦᠨ ᠤ ᠣᠷᠢᠶᠠᠯᠲᠠ ᠣᠷᠢᠶᠠᠵᠤ᠂ ᠨᠢᠭᠡ ᠵᠤᠵᠠᠭᠠᠨ ᠠᠭᠤᠯᠠ ᠠᠪᠠᠷᠢᠬᠤ ᠪᠡᠭᠡᠯᠡᠶ ᠵᠡᠭᠦᠵᠦ᠂ ᠨᠢᠭᠡ ᠵᠤᠵᠠᠭᠠᠨ ᠪᠡᠶ᠎ᠡ ᠲᠠᠮᠢᠷ ᠤᠨ ᠣᠶᠢᠮᠣᠰᠤ ᠡᠮᠦᠰᠦᠨ᠎ᠡ᠃ ᠬᠡᠷᠪᠡ ᠰᠠᠯᠬᠢ ᠲᠠᠢ᠂ ᠠᠭᠠᠷ ᠤᠨ ᠳᠤᠯᠠᠭᠠᠨ ᠳᠣᠣᠷ᠎ᠠ ᠡᠳᠦᠷ ᠲᠣᠬᠢᠶᠠᠯᠳᠤᠪᠠᠯ᠂ ᠪᠠᠰᠠ ᠨᠢᠭᠡ ᠨᠣᠣᠰᠣᠨ ᠮᠠᠯᠠᠭᠠᠶ ᠡᠮᠦᠰᠦᠨ᠎ᠡ᠃      ᠡᠨᠡ ᠬᠦ ︽ᠬᠤᠪᠴᠠᠰᠤ ᠬᠤᠨᠠᠷ︾᠎ ᠨᠢ -10℃ ᠣᠷᠴᠢᠮ ᠤᠨ ᠠᠭᠠᠷ ᠤᠨ ᠳᠤᠯᠠᠭᠠᠨ ᠢ ᠪᠦᠷᠢᠮᠦᠰᠦᠨ ᠠᠷᠭᠠᠴᠠᠵᠤ ᠲᠠᠶᠢᠯᠤᠨ᠎ᠠ᠃ ᠬᠡᠷᠪᠡ ᠣᠯᠠᠨ ᠢᠶᠠᠷ ᠢᠶᠠᠨ ᠪᠠᠰᠠ ᠳᠠᠭᠠᠷᠠᠵᠤ ᠪᠠᠶᠢᠪᠠᠯ᠂ ᠨᠢᠮᠭᠡᠨ ᠥᠲᠥᠨ ᠡᠯᠢᠭᠡᠪᠴᠢ᠂ ᠮᠠᠯᠠᠭᠠᠶ ᠶᠢᠨ ᠳᠡᠪᠡᠯ ᠵᠡᠷᠭᠡ ᠳᠤᠯᠠᠭᠠᠨ ᠲᠠᠮᠢᠷ ᠤᠨ ᠬᠤᠪᠴᠠᠰᠤ ᠶᠢ ᠰᠣᠩᠭᠤᠵᠤ ᠪᠣᠯᠤᠨ᠎ᠠ᠃ ᠡᠶᠢᠮᠦ ᠠᠴᠠ ᠣᠨᠴᠠᠭᠠᠶ ᠴᠠᠭ ᠠᠭᠤᠷ ᠲᠣᠬᠢᠶᠠᠯᠳᠤᠬᠤ ᠥᠬᠡᠶ ᠯᠡ ᠶᠤᠮ ᠪᠣᠯ᠂ ᠪᠡᠶ᠎ᠡ ᠳᠡᠭᠡᠨ ᠳᠣᠭᠢᠷᠠᠭᠰᠠᠨ ᠳᠤᠯᠠᠭᠠᠨ ᠪᠡᠶ᠎ᠡ ᠶᠢᠨ ᠲᠠᠮᠢᠷ ᠤᠨ ᠬᠤᠪᠴᠠᠰᠤ ᠶᠢ ᠰᠣᠩᠭᠤᠪᠠᠯ ᠪᠣᠯᠴᠢᠬᠠᠨ᠎ᠠ᠂ ᠡᠨᠡ ᠨᠢ ᠭᠦᠶᠦᠬᠦ ᠶᠢ ᠨᠥᠯᠥᠭᠡᠯᠡᠬᠦ ᠥᠬᠡᠶ ᠮᠥᠷᠲᠡᠭᠡᠨ ᠬᠦᠢᠲᠡᠨ ᠢ ᠴᠦ ᠰᠡᠷᠭᠡᠶᠢᠯᠡᠵᠦ ᠴᠢᠳᠠᠨ᠎ᠠ᠃                                   ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3