2 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠠᠵᠠᠷ ᠰᠢᠷᠣᠶ ᠶᠢᠨ | ᠡᠯᠧᠮᠧᠨ᠋ᠲ ᠤᠨ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠺᠠᠶ ᠳ᠋ᠦᠩ ᠬᠤᠲᠠ ᠶᠢᠨ ᠲᠣᠭᠤᠷᠢᠭ ᠳᠠᠭᠠᠤ | ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠬᠡᠷᠡᠭᠯᠡᠬᠦ ᠪᠠᠷ ᠪᠠᠶᠢᠭ᠎ᠠ ᠭᠠᠵᠠᠷ ᠰᠢᠷᠣᠶ ᠶᠢᠨ ᠲᠤᠬᠠᠶ ᠶᠢᠨ | ᠲᠠᠯᠠᠪᠤᠷ ᠤᠨ ᠭᠠᠵᠠᠷ ᠤᠨ ᠪᠠᠶᠢᠴᠠ᠂ ᠡᠷᠬᠢᠨ ᠲᠣᠭᠤᠷᠢᠨ ᠤ ᠣᠷᠴᠢᠨ ᠲᠣᠭᠤᠷᠢᠨ᠂ ᠲᠥᠷᠥᠯ ᠵᠦᠢᠯ ᠤᠨ ᠭᠠᠵᠠᠷ | ᠰᠣᠩᠭᠤᠵᠤ ᠭᠠᠵᠠᠷ ᠬᠡᠷᠡᠭᠯᠡᠬᠦ ᠬᠡᠪᠴᠢᠶ᠎ᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ | ᠪᠥᠭᠡᠳ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠬᠠᠮᠢᠶ᠎ᠠ ᠪᠥᠬᠦᠶ ᠠᠵᠤ | ᠠᠬᠤᠶᠢᠯᠠᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ ᠰᠢᠷᠣᠶ᠂ ᠲᠥᠷᠥᠯ ᠵᠦᠢᠯ ᠤᠨ ᠪᠠᠶᠢᠷᠢᠰᠢᠭᠤᠯᠤᠯᠲᠠ | ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠪᠠ᠃ | ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠠᠵᠠᠷ | ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠪᠠᠯᠠ ᠣᠷᠣᠭᠤᠯᠤᠯᠲᠠ ᠶᠢᠨ ᠰᠠᠶᠢᠨ ᠰᠠᠶᠢᠬᠠᠨ | ᠣᠷᠴᠢᠨ ᠨᠥᠬᠦᠴᠡᠯ ᠢ ᠪᠣᠶ ᠪᠣᠯᠭᠠᠬᠤ ᠪᠣᠯ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠬᠤ ᠶᠢᠨ ᠴᠢᠬᠤᠯᠠ ᠵᠠᠩᠭᠢᠯᠠᠭ᠎ᠠ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠦᠢᠯᠡᠴᠢᠯᠡᠭᠡᠨ ᠤ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠣᠷᠣᠭᠤᠯᠵᠤ ᠠᠪᠴᠢᠷᠠᠭᠰᠠᠨ ᠠᠵᠤ ᠠᠬᠤᠶᠢᠯᠠᠯ ᠤᠨ ᠪᠣᠳᠠᠲᠤ ᠪᠠᠶᠢᠳᠠᠯ ᠢ ᠦᠨᠳᠦᠰᠦᠯᠡᠨ | ᠂ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠭᠦᠢᠴᠡᠳ ᠪᠣᠳᠣᠯᠬᠢᠯᠠᠨ᠂ ᠲᠥᠯᠥᠪᠵᠢᠭᠦᠯᠭᠡ ᠳᠤ ᠬᠡᠷᠡᠭᠯᠡᠬᠦ | ᠭᠠᠵᠠᠷ ᠰᠢᠷᠣᠢ ᠶᠢ ᠲᠡᠭᠰᠢᠯᠡᠬᠦ᠂ ᠭᠠᠵᠠᠷ ᠰᠢᠷᠣᠢ ᠶᠢ ᠲᠠᠲᠠᠪᠤᠷᠢᠯᠠᠨ ᠠᠷᠰᠠᠷ ᠵᠦᠢᠯ ᠢ ᠴᠡᠪᠡᠷᠯᠡᠬᠦ ᠵᠡᠷᠭᠡ ᠬᠤᠯᠪᠣᠭᠳᠠᠯ | ᠪᠦᠬᠦᠢ ᠠᠵᠢᠯ ᠢ ᠲᠦᠷᠭᠡᠨ ᠠᠬᠢᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ | ᠬᠦᠴᠢᠷᠳᠡᠯ ᠪᠠ ᠬᠦᠴᠢᠷ ᠲᠦᠪᠡᠭᠲᠡᠢ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠴᠢᠨᠠᠷ | ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠠᠷ ᠨᠡᠩ ᠤᠯᠠᠨ ᠠᠵᠤ ᠠᠬᠤᠶᠢᠯᠠᠯ ᠤᠨ ᠲᠦᠷᠦᠯ ᠵᠦᠢᠯ ᠢ ᠮᠠᠨ ᠤ | ᠰᠢᠶᠠᠨ ᠳᠤ ᠨᠠᠶᠢᠳᠠᠪᠤᠷᠢᠵᠢᠭᠤᠯᠤᠨ ᠬᠥᠭᠵᠢᠭᠦᠯᠦᠨ ᠪᠤᠵᠠᠭᠠᠶᠢᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ | ᠰᠢᠶᠠᠨ ᠤ ᠤᠳᠤᠷᠢᠳᠤᠯᠭ᠎ᠠ ᠡᡁᠸᠥ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |