ᠬᠤᠪᠣᠷ ᠲᠣᠬᠢᠶᠠᠯᠳᠤᠬᠤ᠄ ᠰᠢᠩ ᠾᠧ ᠰᠢᠶᠠᠨ ᠤ ᠨᠢᠭᠡ ᠦᠨᠢᠶ᠎ᠡ ᠭᠤᠷᠪᠠᠨ ᠲᠤᠭᠤᠯ ᠳᠦᠷᠦᠵᠡᠶ
ᠨᠡᠶᠢᠲᠡᠯᠡᠭᠰᠡᠨ ᠴᠠᠭ᠄
2023/2/27
     ᠣᠶᠢᠷ᠎ᠠ ᠳᠤ᠂ ᠰᠢᠩ ᠾᠧ ᠰᠢᠶᠠᠨ ᠤ ᠰᠠᠦᠬᠤᠰᠤ ᠪᠠᠯᠭᠠᠰᠤᠨ ᠳᠤ ᠨᠢᠭᠡᠨ ᠬᠤᠪᠣᠷ ᠲᠣᠬᠢᠶᠠᠯᠳᠤᠬᠤ ᠪᠠᠶᠠᠷ ᠤᠨ ᠶᠠᠪᠤᠳᠠᠯ ᠡᠭᠦᠰᠴᠦ᠂ ᠱᠤᠸᠠᠩ ᠵᠢᠩ ᠲᠣᠰᠬᠤᠨ ᠤ ᠠᠷᠠᠳ ᠤᠨ ᠵᠥᠪᠯᠡᠯ ᠤᠨ ᠮᠠ ᠹᠠᠩ ᠲᠣᠰᠬᠤᠨ ᠤ ᠲᠢᠶᠠᠨ ᠬᠤᠩ ᠣᠪᠣᠭᠲᠤ ᠶᠢᠨ ᠨᠢᠭᠡ ᠰᠠᠭᠤᠷᠢ ᠦᠨᠢᠶ᠎ᠡ ᠨᠢ ︽ᠭᠤᠷᠪᠠᠨ ᠬᠡᠤᠬᠡᠳ︾ ᠳᠦᠷᠦᠵᠦ᠂ ᠣᠲᠣ ᠪᠣᠯᠲᠠᠯ᠎ᠠ ᠭᠤᠷᠪᠠᠨ ᠲᠤᠭᠤᠯ ᠨᠢ ᠴᠥᠮ ᠮᠠᠰᠢ ᠰᠠᠶᠢᠨ ᠪᠤᠶᠢᠵᠢᠵᠤ ᠪᠠᠶᠢᠨ᠎ᠠ᠃ ᠭᠠᠴᠠᠭᠠᠨ ᠤ ᠠᠷᠠᠳ ᠤᠨ ᠵᠥᠪᠯᠡᠯ ᠤᠨ ᠮᠠ ᠹᠠᠩ ᠲᠣᠰᠬᠤᠨ ᠤ ᠲᠢᠶᠠᠨ ᠬᠤᠩ ᠣᠪᠣᠭᠲᠤ ᠶᠢᠨ ᠢᠶᠠᠨ ᠨᠢᠭᠡ ᠰᠠᠭᠤᠷᠢ ᠦᠨᠢᠶ᠎ᠡ ᠨᠢ ︽ᠭᠤᠷᠪᠠᠨ ᠬᠡᠤᠬᠡᠳ︾᠎ ᠢ ᠠᠮᠵᠢᠯᠲᠠ ᠲᠠᠢ ᠪᠠᠷ ᠳᠦᠷᠦᠵᠦ᠂ ᠭᠤᠷᠪᠠᠨ ᠲᠤᠭᠤᠯ ᠨᠢ ᠴᠥᠮ ᠮᠠᠰᠢ ᠰᠠᠶᠢᠨ ᠪᠤᠶᠢᠵᠢᠵᠤ ᠪᠠᠶᠢᠨ᠎ᠠ᠃
     ᠥᠷᠯᠥᠭᠡ ᠡᠷᠲᠡ ᠰᠤᠷᠪᠤᠯᠵᠢᠯᠠᠭᠴᠢ ᠰᠢᠩ ᠡᡁᠧ ᠰᠢᠶᠠᠨ ᠤ ᠰᠠᠶᠢᠬᠤᠰᠤ ᠪᠠᠯᠭᠠᠰᠤᠨ ᠤ ᠱᠤᠸᠠᠩ ᠵᠢᠩ ᠲᠣᠰᠬᠤᠨ ᠤ ᠠᠷᠠᠳ ᠤᠨ ᠵᠥᠪᠯᠡᠯ ᠤᠨ ᠮᠠ ᠹᠠᠩ ᠲᠣᠰᠬᠤᠨ ᠤ ᠲᠢᠶᠠᠨ ᠬᠤᠩ ᠤᠨ ᠭᠡᠷ ᠲᠤ ᠬᠦᠷᠬᠦ ᠳᠤ᠂ ᠲᠦᠷᠦᠭᠰᠡᠨ ᠲᠤᠭᠤᠯ ᠨᠢ ᠦᠨᠢᠶ᠎ᠡ ᠶᠢᠨ ᠢᠶᠠᠨ ᠳᠡᠷᠭᠡᠳᠡ ᠠᠴᠠ ᠰᠦ ᠪᠤᠯᠢᠶᠠᠯᠳᠤᠨ ᠢᠳᠡᠵᠦ᠂ ᠲᠠᠷᠢᠶᠠᠴᠢᠳ ᠲᠤᠭᠤᠯ ᠤᠨ ᠬᠠᠵᠠᠭᠤ ᠳᠤ ᠵᠣᠭᠰᠣᠭᠠᠳ ᠠᠮᠠ ᠬᠠᠮᠬᠢᠯ ᠦᠭᠡᠢ ᠢᠨᠢᠶᠡᠯᠳᠦᠵᠦ᠂ ᠲᠤᠭᠤᠯ ᠤᠨ ︽ᠮᠥᠭᠡᠷᠡᠬᠦ︾ ᠲᠠᠭᠤᠨ ᠲᠠᠷᠢᠶᠠᠴᠢᠨ ᠠᠶᠢᠯ ᠤᠨ ᠬᠦᠷᠢᠶᠡᠨ ᠳᠤ ᠪᠠᠭ᠎ᠠ ᠪᠤᠰᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠭᠰᠡᠨ ᠢ ᠣᠯᠵᠤ ᠬᠠᠷᠠᠵᠠᠢ᠃      ᠣᠶᠢᠯᠠᠭᠠᠭᠰᠠᠨ ᠢᠶᠠᠷ᠂ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠡᠷᠡ ᠳᠠᠷᠤᠶ ᠳᠤᠨᠢ ᠲᠢᠶᠠᠨ ᠬᠤᠩ ᠤᠨ ᠬᠡᠷ ᠲᠤ ᠬᠦᠷᠴᠦ᠂ ᠲᠣᠰᠬᠤᠨ ᠤ ᠠᠷᠠᠳ ᠤᠨ ᠲᠤᠭᠤᠯ ᠲᠤᠭᠤᠯ ᠲᠥᠷᠥᠭᠰᠡᠨ ᠤ ᠬᠦᠨᠳᠦ ᠶᠢ ᠬᠡᠮᠵᠢᠵᠦ ᠥᠭᠭᠦᠭᠰᠡᠨ ᠪᠥᠭᠡᠳ ᠲᠡᠵᠢᠭᠡᠨ ᠠᠷᠠᠴᠢᠯᠠᠬᠤ ᠮᠡᠷᠭᠡᠵᠢᠯ ᠤᠨ ᠵᠢᠯᠣᠭᠤᠳᠣᠯᠭ᠎ᠠ ᠬᠢᠭᠰᠡᠨ ᠪᠠᠶᠢᠨ᠎ᠠ᠃ ᠥᠩᠭᠡᠷᠡᠭᠰᠡᠨ ᠳᠤ ᠮᠠᠯᠴᠢᠳ ᠲᠩᠷᠢ ᠶᠢᠨ ᠴᠢᠷᠠᠶ ᠶᠢ ᠬᠠᠷᠠᠵᠤ ᠮᠠᠯ ᠢᠶᠠᠨ ᠠᠷᠠᠴᠢᠯᠠᠵᠤ ᠪᠦᠳᠦᠭᠦᠯᠢᠭ ᠬᠠᠮᠢᠶᠠᠷᠳᠠᠭ ᠪᠠᠶᠢᠭᠰᠠᠨ ᠠᠴᠠ ᠭᠠᠩ ᠬᠠᠭᠰᠠᠷᠠᠭᠠᠨ ᠲᠠᠢ ᠵᠢᠯ ᠪᠣᠯᠬᠤ ᠳᠤ ᠡᠪᠡᠰᠦ ᠪᠡᠯᠴᠢᠭᠡᠷ ᠤᠨ ᠤᠷᠭᠤᠴᠠ ᠮᠠᠭᠤ ᠠᠴᠠ ᠪᠤᠯᠵᠤ ᠦᠬᠡᠷ ᠨᠢ ᠲᠤᠷᠠᠵᠤ ᠲᠤᠷᠠᠬᠤ ᠪᠤᠶᠤ ᠰᠢᠮ᠎ᠡ ᠲᠡᠵᠢᠭᠡᠯ ᠳᠤᠲᠠᠭᠳᠠᠵᠤ᠂ ᠭᠤᠷᠪᠠᠨ ᠵᠢᠯ ᠳᠤ ᠬᠤᠶᠠᠷ ᠲᠤᠭᠤᠯ ᠤᠨ ᠡᠷᠡᠭᠦᠯ ᠮᠡᠨᠳᠦ ᠠᠮᠢᠳᠤᠷᠠᠬᠤ ᠶᠢ ᠪᠦᠷᠢᠮᠦᠰᠦᠨ ᠪᠠᠲᠤᠯᠠᠵᠤ ᠴᠢᠳᠠᠬᠤ ᠦᠭᠡᠢ ᠪᠠᠶᠢᠪᠠ᠃ ᠣᠳᠣᠬᠠᠨ ᠳᠤ ᠮᠠᠯᠴᠢᠳ ᠲᠡᠵᠢᠭᠡᠯ ᠪᠣᠷᠳᠤᠭ᠎ᠠ ᠶᠢᠨ ᠬᠠᠷᠢᠴᠠᠯ ᠤᠨ ᠲᠠᠯ᠎ᠠ ᠪᠠᠷ ᠬᠦᠴᠦ ᠣᠷᠣᠭᠤᠯᠤᠭᠰᠠᠨ ᠠᠴᠠ ᠦᠨᠢᠶ᠎ᠡ ᠨᠢ ᠠᠮᠤ ᠪᠤᠳᠠᠭᠠᠨ ᠤ ᠳᠣᠲᠣᠷ᠎ᠠ ᠪᠠᠨ ᠪᠦᠬᠦ ᠲᠠᠯ᠎ᠠ ᠪᠠᠷ ᠲᠡᠩᠴᠡᠭᠦᠷᠢᠲᠡᠶ ᠰᠢᠮ᠎ᠡ ᠲᠡᠵᠢᠭᠡᠯ ᠲᠠᠢ ᠪᠤᠯᠵᠤ᠂ ᠦᠷᠡᠵᠢᠯᠲᠡ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠡᠶ᠃      ᠮᠠᠲ᠋ᠧᠷᠢᠶᠠᠯ ᠠᠴᠠ ᠦᠵᠡᠪᠡᠯ᠂ ᠦᠬᠡᠷ ᠪᠣᠯ ᠭᠠᠭᠴᠠ ᠵᠤᠯᠵᠠᠭᠠᠯᠠᠳᠠᠭ ᠠᠮᠢᠲᠠᠨ᠂ ᠪᠠᠶᠢᠭᠠᠯᠢ ᠶᠢᠨ ᠨᠥᠬᠦᠴᠡᠯ ᠳᠣᠤᠷ᠎ᠠ ᠢᠬᠡᠷ᠎ᠡ ᠬᠡᠤᠬᠡᠳ ︵ᠪᠠᠰᠠ ︽ᠢᠬᠡᠷ᠎ᠡ ᠦᠬᠡᠷ︾ ᠭᠡᠳᠡᠭ︶ ᠲᠦᠷᠦᠭᠦ ᠲᠣᠬᠢᠶᠠᠯᠳᠤᠮᠵᠢ ᠨᠢ ᠮᠠᠰᠢ ᠳᠣᠤᠷ᠎ᠠ᠂ ᠪᠠᠷᠤᠭ ᠠᠷᠪᠠᠨ ᠲᠦᠮᠡᠨ ᠬᠤᠪᠢ ᠶᠢᠨ ᠨᠢᠭᠡ ᠣᠷᠴᠢᠮ ᠪᠠᠶᠢᠳᠠᠭ᠂ ᠬᠠᠷᠢᠨ ᠭᠤᠷᠪᠠᠨ ᠵᠤᠯᠵᠠᠭᠠᠯᠠᠬᠤ ᠲᠣᠬᠢᠶᠠᠯᠳᠤᠮᠵᠢ ᠨᠢ ᠨᠠᠩ ᠴᠤ ᠥᠴᠦᠬᠡᠨ ᠲᠡᠳᠦᠶ ᠪᠠᠶᠢᠵᠤ᠂ ᠪᠠᠷᠤᠭ ᠲᠠᠪᠢᠨ ᠲᠦᠮᠡᠨ ᠬᠤᠪᠢ ᠶᠢᠨ ᠨᠢᠭᠡ ᠪᠠᠶᠢᠳᠠᠭ᠃      ᠡᠨᠡᠬᠦ ᠬᠤᠪᠣᠷ ᠲᠣᠬᠢᠶᠠᠯᠳᠤᠬᠤ ᠪᠠᠶᠠᠷ ᠤᠨ ᠶᠠᠪᠤᠳᠠᠯ ᠨᠢ ᠰᠢᠩ ᠡᡁᠧ ᠰᠢᠶᠠᠨ ᠤ ᠮᠠᠯ ᠠᠵᠤ ᠠᠬᠤᠢ ᠶᠢᠨ ᠤᠢᠢᠷ᠎ᠠ ᠶᠢᠨ ᠵᠢᠯ ᠤᠨ ᠥᠷᠨᠢᠩᠭᠦᠢ ᠬᠥᠭᠵᠢᠯᠲᠡ ᠶᠢᠨ ᠪᠠᠶᠢᠳᠠᠯ ᠢ ᠬᠠᠷᠠᠭᠤᠯᠵᠤ ᠪᠤᠢ᠂ 2023 ᠣᠨ ᠳᠤ ᠰᠢᠩ ᠡᡁᠧ ᠰᠢᠶᠠᠨ ᠤ ᠬᠢᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠡᠭᠦᠯᠳᠡᠷ ᠪᠤᠶᠢᠵᠢᠭᠤᠯᠬᠤ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠬᠦᠯᠵᠦ᠂ ᠡᠭᠦᠯᠳᠡᠷ ᠤᠨ ᠦᠬᠡᠷ ᠤᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠴᠢᠨᠠᠷ ᠰᠠᠶᠢᠲᠠᠢ ᠰᠠᠶᠢᠨ ᠡᠭᠦᠯᠳᠡᠷ ᠤᠨ ᠠᠯᠠᠰᠢᠨ ᠦᠬᠡᠷ ᠢ ᠦᠷᠡᠵᠢᠭᠦᠯᠦᠨ ᠳᠡᠯᠭᠡᠷᠡᠭᠦᠯᠬᠦ ᠶᠢ ᠲᠦᠷᠭᠡᠳᠬᠡᠵᠦ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠠᠷᠭ᠎ᠠ ᠵᠠᠮ ᠢ ᠥᠷᠭᠡᠳᠬᠡᠬᠦ ᠪᠠᠷ ᠪᠠᠶᠢᠨ᠎ᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3