ᠳ᠋ᠠ ᠲᠦᠩ ᠶᠣᠣ ᠰᠢᠶᠠᠩ ᠪᠡᠭᠡᠵᠢᠩ ᠬᠤᠳᠠ ᠶᠢᠨ ᠶᠠᠨᠴᠢᠩ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠣᠯᠭᠠᠭᠤᠯᠬᠤ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/2/27
     ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠨᠠᠭᠰᠢᠳᠠ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 23᠎ ᠤ ᠡᠳᠦᠷ᠂ ᠳ᠋ᠠ ᠲᠦᠩ ᠶᠣᠣ ᠰᠢᠶᠠᠩ ᠤᠨ ᠨᠠᠮ ᠤᠨ ᠬᠤᠷᠢᠶ᠎ᠡ ᠶᠢᠨ ᠱᠦᠵᠢ ᠪᠦᠯᠬᠦᠮ ᠳᠠᠭᠠᠭᠤᠯᠵᠤ᠂ ᠬᠡᠰᠡᠭ ᠰᠢᠶᠠᠩ ᠤᠨ ᠨᠠᠮ ᠵᠠᠰᠠᠭ ᠤᠨ ᠤᠳᠤᠷᠢᠳᠤᠯᠭ᠎ᠠ᠂ ᠲᠣᠰᠬᠤᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠤᠨ ᠪᠡᠭᠡᠵᠢᠩ ᠬᠤᠳᠠ ᠶᠢᠨ ᠶᠠᠨᠴᠢᠩ ᠲᠣᠭᠤᠷᠢᠭ ᠲᠤ ᠬᠦᠷᠴᠦ ᠠᠵᠢᠯ ᠲᠦᠷᠦᠯ ᠢᠶᠠᠷ ᠢᠶᠠᠨ ᠬᠠᠮᠵᠢᠯᠴᠠᠬᠤ ᠨᠢᠭᠡᠴᠡ ᠲᠠᠢ ᠵᠣᠯᠭᠠᠭᠤᠯᠵᠤ᠂ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧ ᠰᠢᠩ ᠬᠤᠸᠠ ᠬᠠᠮᠲᠤ ᠬᠦᠷᠴᠡᠢ᠃
     ᠡᠩ ᠲᠡᠷᠢᠭᠦᠨ ᠳᠤ᠂ ᠮᠠᠨ ᠤ ᠰᠢᠶᠠᠩ ᠤᠨ ᠬᠢᠨ ᠶᠠᠨᠴᠢᠩ ᠲᠣᠭᠤᠷᠢᠭ ᠤᠨ ᠳ᠋ᠠ ᠢᠦᠢ ᠱᠤ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠶᠠᠨᠴᠢᠩ ᠲᠣᠭᠤᠷᠢᠭ ᠤᠨ ᠷᠦᠯᠢᠨ ᠵᠡᠭᠡᠯᠢ ᠭᠤᠳᠤᠮᠵᠢ᠂ ᠲᠠᠷᠢᠶᠠᠯᠠᠩ ᠬᠥᠳᠡᠭᠡ ᠲᠣᠰᠬᠤᠨ ᠤ ᠲᠤᠪᠴᠢᠶ᠎ᠡ᠂ ᠵᠠᠰᠠᠮᠠᠯ ᠵᠠᠮ ᠤᠨ ᠬᠤᠪᠢᠶᠠᠷᠢ ᠲᠤᠪᠴᠢᠶ᠎ᠡ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠱᠢ ᠶᠤᠸᠠᠨ ᠺᠣᠮᠫᠠᠨᠢ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠲᠠᠢ ᠳᠠᠷᠠᠭᠠᠴᠢ ᠶᠢᠨ ᠠᠯᠬᠤᠮ ᠤᠨ ᠬᠠᠮᠵᠢᠯᠴᠠᠬᠤ ᠠᠵᠢᠯ ᠤᠨ ᠲᠤᠬᠠᠢ ᠶᠠᠷᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶ᠎ᠡ ᠶᠢᠨ ᠱᠦᠵᠢ ᠳ᠋ᠡ ᠲᠦᠩ ᠶᠣᠣ ᠰᠢᠶᠠᠩ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠡᠯ᠎ᠡ ᠨᠢᠭᠡᠴᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠠᠪᠰᠤᠷᠤᠨ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ᠂ ᠲᠦᠷᠦᠯ ᠵᠦᠢᠯ ᠤᠨ ᠬᠥᠭᠵᠢᠯᠲᠡ ᠶᠢᠨ ᠪᠠᠶᠢᠳᠠᠯ ᠵᠡᠷᠭᠡ ᠶᠢ ᠲᠠᠨᠢᠯᠴᠠᠭᠤᠯᠪᠠ᠃      ᠡᠭᠦᠨ ᠤ ᠳᠠᠷᠠᠭ᠎ᠠ ᠪᠠᠷ᠂ ᠡᠯ᠎ᠡ ᠬᠠᠮᠵᠢᠯᠴᠠᠭᠠᠨ ᠤ ᠨᠢᠭᠡᠴᠡ ᠪᠣᠯᠤᠨ  ᠬᠤᠯᠪᠤᠭᠠᠯᠠᠨ ᠳᠠᠭᠠᠭᠠᠴᠢᠯᠠᠭᠰᠠᠨ ᠲᠣᠰᠬᠤᠨ ᠤ ᠵᠥᠪᠯᠡᠯ ᠤᠨ ᠬᠢᠨ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠵᠢᠴᠢ ᠬᠥᠭᠵᠢᠯᠲᠡ ᠶᠢᠨ ᠬᠡᠷᠡᠭᠴᠡᠭᠡ ᠶᠢᠨ ᠲᠤᠬᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠤᠯᠤᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠮᠵᠢᠯᠴᠠᠭᠠᠨ ᠤ ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠬᠡᠷᠡᠭᠴᠡᠭᠡ᠂ ᠡᠬᠢ ᠪᠠᠶᠠᠯᠢᠭ᠂ ᠬᠠᠮᠵᠢᠯᠴᠠᠭ᠎ᠠ ᠭᠡᠬᠦ ︽ᠭᠤᠷᠪᠠᠨ ᠨᠠᠷᠢᠨ ᠲᠠᠩᠰᠠ︾᠎ ᠶᠢ ᠨᠠᠷᠢᠯᠢᠬᠵᠢᠭᠤᠯᠵᠤ᠂ ᠲᠠᠩ ᠴᠢᠭᠯᠡᠯ ᠢᠶᠠᠷ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ ᠬᠤᠣᠰ ᠴᠢᠭᠯᠡᠯ ᠢᠶᠠᠷ ᠬᠠᠮᠵᠢᠯᠴᠠᠨ ᠬᠠᠮᠲᠤᠪᠠᠷ ᠠᠰᠢᠭ ᠬᠦᠷᠳᠡᠬᠦ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠬᠠᠮᠵᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠪᠡ᠃      ᠶᠠᠷᠢᠯᠴᠠᠬᠤ ᠬᠤᠷᠠᠯ ᠲᠡᠭᠦᠰᠦᠭᠰᠡᠨ ᠤ ᠲᠠᠷᠠᠭ᠎ᠠ᠂ ᠰᠢᠶᠠᠩ ᠤᠨ ᠨᠠᠮ ᠤᠨ ᠬᠤᠷᠢᠶ᠎ᠡ ᠶᠢᠨ ᠱᠦᠵᠢ ppt᠂ ᠸᠢᠳᠢᠣ᠋ ᠪᠠᠷ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠪᠦᠬᠦ ᠰᠢᠶᠠᠩ ᠤᠨ ᠬᠥᠭᠵᠢᠯᠲᠡ ᠶᠢᠨ ᠣᠳᠣᠬᠢ ᠪᠠᠶᠢᠳᠠᠯ᠂ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠲᠥᠯᠥᠪᠵᠢᠭᠦᠯᠭᠡ᠂ ᠳᠠᠯᠳᠠ ᠬᠦᠴᠦᠨ ᠢ ᠠᠭᠤᠳᠠᠯᠬᠤ ᠵᠡᠷᠭᠡ ᠠᠭᠤᠯᠭ᠎ᠠ ᠶᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠵᠤ᠂ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠶᠢ ᠬᠦᠰᠡᠪᠡ᠃      ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠢᠯᠡᠳᠬᠡᠬᠦ ᠳᠡᠭᠡᠨ᠂  ᠳ᠋ᠠ ᠲᠦᠩ ᠶᠣᠣ ᠰᠢᠶᠠᠩ ᠤᠨ ᠤᠢᠢᠷ᠎ᠠ ᠶᠢᠨ ᠵᠢᠯ ᠤᠨ ᠠᠵᠤ ᠠᠬᠤᠢ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠮᠵᠢᠯᠲᠠ ᠪᠦᠲᠦᠮᠵᠢ ᠶᠢ ᠣᠯᠵᠤ ᠬᠠᠷᠠᠭᠠᠳ᠂ ᠬᠠᠮᠵᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ ᠵᠣᠷᠢᠭ ᠢᠶᠠᠨ ᠨᠡᠩ ᠪᠠᠲᠤᠳᠬᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠯ᠎ᠡ ᠲᠦᠷᠦᠯ ᠤᠨ ︽ᠵᠥᠭᠡᠯᠡᠨ ᠬᠠᠲᠠᠭᠤ ᠬᠡᠷᠡᠭᠰᠡᠯ︾᠎ ᠤᠨ ᠡᠬᠢ ᠪᠠᠶᠠᠯᠢᠭ ᠢ ᠦᠷᠭᠦᠯᠵᠢᠯᠡᠨ ᠭᠠᠳᠠᠭᠰᠢ ᠭᠠᠷᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠪᠣᠳᠠᠲᠤ ᠦᠷ᠎ᠡ ᠪᠦᠲᠦᠮᠵᠢ ᠶᠢ ᠪᠠᠲᠤᠯᠠᠨ᠎ᠠ ᠭᠡᠪᠡ      ᠡᠭᠦᠨ ᠠᠴᠠ ᠭᠠᠳᠠᠨ᠎ᠠ᠂ ᠬᠠᠮᠵᠢᠯᠴᠠᠬᠤ ᠨᠢᠭᠡᠴᠡ ᠶᠢᠨ ᠵᠣᠬᠢᠶᠠᠨ ᠪᠠᠶᠢᠭᠤᠯᠤᠯᠲᠠ ᠳᠣᠣᠷ᠎ᠠ᠂ ᠮᠠᠨ ᠤ ᠰᠢᠶᠠᠩ ᠤᠨ ᠬᠢᠨ ᠶᠠᠨᠴᠢᠩ ᠲᠣᠭᠤᠷᠢᠭ ᠤᠨ ᠶᠢᠨ ᠭᠦᠸᠧ ᠶᠤᠸᠠᠨ ᠠᠬᠠᠮᠠᠳ ᠲᠠᠷᠢᠶᠠᠴᠢᠨ ᠤ ᠠᠵᠤ ᠠᠬᠤᠶᠢᠯᠠᠯ᠂ ᠪᠡᠭᠡᠵᠢᠩ ᠤᠨ ᠯᠢ ᠱᠧᠩ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠤᠰᠬᠠᠢ ᠬᠤᠷᠰᠢᠶ᠎ᠠ᠂ ᠯᠢᠦᠶ ᠬᠤᠢ ᠲᠠᠷᠢᠮᠠᠯ ᠤᠨ ᠬᠤᠷᠰᠢᠶ᠎ᠠ᠂ ᠽᠦᠩ ᠵᠢᠶᠠ ᠶᠢᠩ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠰᠬᠤᠨ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠰᠤᠷᠤᠯᠴᠠᠯᠭ᠎ᠠ ᠰᠣᠯᠢᠯᠴᠠᠭ᠎ᠠ ᠥᠷᠨᠢᠭᠦᠯᠦᠭᠰᠡᠨ ᠪᠥᠭᠡᠳ ᠬᠡᠰᠡᠭ ᠠᠵᠤ ᠠᠬᠤᠶᠢᠯᠠᠯ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠠᠢ᠃      ᠲᠣᠰ ᠤᠳᠠᠭᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠣᠯᠭᠠᠭᠤᠯᠬᠤ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠨᠢ ᠪᠥᠬᠦ ᠰᠢᠶᠠᠩ ᠤᠨ ᠠᠵᠤ ᠦᠢᠯᠡᠰ ᠤᠨ ᠬᠥᠭᠵᠢᠯᠲᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠠᠯᠠ ᠮᠥᠩᠭᠦ ᠶᠢᠨ ᠲᠥᠷᠥᠯ ᠵᠦᠢᠯ ᠢ ᠲᠡᠮᠡᠴᠡᠨ ᠤᠯᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠵᠢᠯ ᠢ ᠬᠦᠴᠦᠲᠡᠶ ᠳᠥᠯᠭᠢᠨ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠬᠥᠭᠵᠢᠯᠲᠡ ᠳᠤ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3