ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ | ᠬᠦᠴᠦᠨ ᠢ ᠨᠡᠮᠡᠭᠳᠡᠭᠦᠯᠬᠦ ᠶᠢᠨ ᠲᠥᠯᠥᠭᠡ᠂ 2 ᠰᠠᠷ᠎ᠠ ᠶᠢᠨ 22 ᠤᠨ ᠡᠳᠦᠷ᠂ ᠳ᠋ᠠ ᠲᠦᠩ ᠶᠣᠣ ᠰᠢᠶᠠᠩ ᠬᠦᠢᠳᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢ ᠨᠥᠬᠦᠪᠥᠷᠢᠯᠡᠬᠦ ᠵᠢᠴᠢ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ | ᠪᠣᠯᠪᠠᠰᠤᠷᠠᠭᠤᠯᠬᠤ ᠲᠥᠬᠦᠭᠡᠷᠦᠮᠵᠢ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠵᠠᠰᠠᠭ ᠤᠨ | ᠤᠳᠤᠷᠢᠳᠬᠤ ᠪᠠᠭ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠬᠤᠷᠰᠢᠶ᠎ᠠ ᠶᠢᠨ ᠬᠠᠷᠢᠭᠤᠴᠠᠯᠭᠠᠲᠠᠨ ᠪᠣᠯᠤᠨ | ᠲᠠᠷᠢᠮᠠᠯ ᠤᠨ ᠲᠤᠮᠤ ᠡᠷᠦᠬᠡ ᠲᠤᠰ ᠤᠳᠠᠭ᠎ᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ | | | ᠬᠤᠷᠠᠯ ᠠᠴᠠ ᠡᠩ ᠲᠡᠷᠢᠭᠦᠨ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠡ ᠶᠢᠨ ᠶᠡᠷᠦᠩᠬᠡᠶᠢᠯᠡᠭᠰᠡᠨ ᠵᠤᠷᠭᠠᠨ ᠤ | ᠨᠡᠶᠢᠲᠡᠯᠡᠭᠰᠡᠨ ︽ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ︵5.590᠂ -0. | 01᠂ -0.18%︶ ᠤ ᠭᠠᠷᠤᠯᠲᠠ ᠶᠢᠨ ᠣᠷᠣᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ | ᠳᠤᠲᠠᠭᠤᠳᠠᠯ ᠢ ᠲᠦᠷᠭᠡᠨ ᠨᠥᠬᠦᠪᠥᠷᠢᠯᠡᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠠᠢ᠃ | ᠬᠤᠷᠠᠯ ᠠᠴᠠ ᠴᠢᠩᠭᠠᠳᠬᠠᠭᠰᠠᠨ ᠨᠢ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠪᠦᠳᠦᠭᠡᠨ ᠪᠠᠶᠢᠭᠤᠯᠬᠤ ᠨᠢ | ᠮᠠᠨ ᠤ ᠰᠢᠶᠠᠩ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠵᠤ᠂ | ᠭᠠᠷᠤᠯᠲᠠ ᠶᠢᠨ ᠣᠷᠣᠨ ᠤ ︽ᠬᠠᠮᠤᠭ ᠤᠨ ᠲᠦᠷᠦᠭᠦᠨ ᠳᠤ ᠨᠢᠭᠡ ᠺᠢᠯᠤᠮᠧᠳ᠋ᠷ︾ ᠤᠨ ᠬᠦᠢᠳᠡᠨ ᠬᠡᠯᠬᠢᠶᠡᠲᠦ ᠪᠠᠷᠠᠭᠠᠨ ᠤ | ᠭᠦᠢᠯᠭᠡᠭᠡ ᠶᠢᠨ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠤᠨᠴᠠᠯᠢᠬᠳᠤ ᠲᠦᠷᠦᠯ ᠲᠡᠮᠳᠡᠭ ᠢ | ᠭᠤᠣᠯᠳᠠᠯᠭ᠎ᠠ ᠲᠠᠢ ᠪᠤᠶᠢᠵᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠪᠠᠷᠢᠮᠵᠢᠶᠠᠵᠢᠯᠲᠠ᠂ ᠬᠡᠪᠴᠢᠶᠡᠵᠢᠯᠲᠡ᠂ ᠲᠦᠷᠦᠯ | ᠳᠡᠮᠳᠡᠭᠵᠢᠯᠳᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠲᠦᠷᠦᠯ ᠵᠦᠢᠯ ᠤᠨ | ᠲᠥᠯᠥᠪᠵᠢᠭᠦᠯᠭᠡ ᠶᠢ ᠴᠢᠨᠠᠭᠰᠢᠳᠠ ᠵᠣᠯᠭᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠤᠬᠢᠷᠠᠭᠤᠯᠵᠤ᠂ ᠦᠨᠡᠨ ᠠᠴᠠ | ᠵᠥᠪ ᠢ ᠡᠷᠢᠵᠦ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ ᠪᠣᠯᠤᠨ ᠬᠡᠷᠡᠭᠵᠢᠭᠦᠯᠵᠦ | ᠪᠣᠯᠬᠤᠶᠢᠴᠠ ᠴᠢᠨᠠᠷ ᠢ ᠴᠢᠩᠭᠠᠳᠬᠠᠬᠤ ᠬᠡᠷᠡᠭᠲᠡᠢ᠃ ᠰᠠᠶᠢᠨ ᠰᠠᠶᠢᠬᠠᠨ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠬᠠᠩᠭᠠᠵᠤ᠂ | ᠲᠣᠰᠬᠤᠨ ᠤ ᠠᠷᠠᠳ ᠲᠠᠢ ᠦᠢᠯᠡᠴᠢᠯᠡᠭᠡᠨ ᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠦᠳᠦᠭᠡᠨ ᠪᠠᠶᠢᠭᠤᠯᠤᠯᠲᠠ ᠶᠢᠨ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠶ᠃ | ᠬᠤᠷᠠᠯ ᠠᠴᠠ ᠶᠠᠷᠢᠯᠴᠠᠬᠤ ᠬᠤᠷᠠᠯ ᠤᠨ ᠬᠡᠯᠪᠡᠷᠢ ᠪᠠᠷ ᠡᠯ᠎ᠡ ᠲᠣᠰᠬᠤᠨ ᠤ ᠬᠤᠷᠰᠢᠶ᠎ᠠ ᠪᠣᠯᠤᠨ ᠲᠠᠷᠢᠮᠠᠯ ᠤᠨ ᠲᠤᠮᠤ | ᠡᠷᠦᠭᠡ ᠶᠢᠨ ᠰᠠᠨᠠᠯ ᠢ ᠰᠣᠨᠣᠰᠤᠭᠰᠠᠨ ᠪᠥᠭᠡᠳ ᠲᠣᠰᠬᠤᠨ ᠢᠶᠠᠷ ᠨᠢᠭᠡᠴᠢ ᠪᠣᠯᠭᠠᠵᠤ᠂ ᠲᠠᠷᠢᠶᠠᠨ ᠦᠵᠦᠭᠦᠷ ᠤᠨ ᠬᠦᠢᠳᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠠᠯᠬᠤᠮ | ᠪᠣᠯᠪᠠᠰᠤᠷᠠᠭᠤᠯᠬᠤ ᠲᠥᠬᠦᠭᠡᠷᠦᠮᠵᠢ ᠶᠢᠨ ᠬᠡᠷᠡᠭᠴᠡᠭᠡᠨ ᠤ ᠬᠡᠮᠵᠢᠶ᠎ᠡ ᠶᠢ ᠲᠥᠰᠦᠭᠡᠯᠡᠨ ᠪᠤᠳᠤᠵᠠᠢ᠃ | ᠲᠤᠰ ᠤᠳᠠᠭᠠᠨ ᠤ ᠶᠠᠷᠢᠯᠴᠠᠬᠤ ᠬᠤᠷᠠᠯ ᠨᠢ ᠪᠢᠴᠢᠭ ᠮᠠᠲ᠋ᠧᠷᠢᠶᠠᠯ ᠢ ᠲᠠᠶᠢᠯᠪᠤᠷᠢᠯᠠᠬᠤ᠂ ᠬᠡᠷᠡᠭ ᠢᠶᠠᠷ ᠬᠡᠯᠡᠯᠴᠡᠬᠦ᠂ | ᠬᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠡᠯ᠎ᠡ ᠭᠠᠴᠠᠭᠠᠨ ᠳᠤ ᠲᠤᠰ ᠠᠵᠢᠯ ᠤᠨ ᠴᠢᠬᠤᠯᠠ ᠴᠢᠨᠠᠷ ᠪᠠ ᠴᠢᠬᠤᠯᠠ | ᠴᠢᠨᠠᠷ ᠢ ᠨᠠᠷᠢᠨ ᠲᠠᠶᠢᠯᠪᠤᠷᠢᠯᠠᠵᠤ ᠥᠭᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |