ᠮᠠᠨ ᠤ ᠰᠢᠶᠠᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/27
     2 ᠰᠠᠷ᠎ᠠ ᠶᠢᠨ 25 ᠤ ᠡᠳᠦᠷ᠂ ᠮᠠᠨ ᠤ ᠰᠢᠶᠠᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠢ ᠡᠷᠬᠢᠯᠡᠪᠡ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠤᠨ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠨᠢᠭᠡᠨ ᠵᠠᠳᠠᠭᠠᠢ ᠨᠡᠭᠦᠷᠡᠰᠦᠨ ᠠᠭᠤᠷᠬᠠᠢ ᠶᠢᠨ ᠨᠤᠷᠠᠭᠰᠠᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠱᠦᠵᠢ ᠰᠦᠨ ᠱᠤᠤ ᠴᠧᠩ ᠪᠣᠯᠤᠨ ᠲᠡᠷᠢᠭᠦᠯᠡᠭᠴᠢ ᠸᠠᠩ ᠯᠢ ᠰᠢᠶᠠ ᠶᠢᠨ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠪᠦᠬᠦ ᠣᠷᠣᠨ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠣᠳᠣᠬᠠᠨ ᠤ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠳᠠᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠴᠢᠩᠭ᠎ᠠ ᠨᠢᠮᠪᠠᠶ ᠪᠥᠭᠡᠳ ᠪᠣᠳᠠᠲᠠᠶ ᠪᠠᠷ ᠰᠠᠶᠢᠲᠤᠷ ᠬᠢᠵᠦ᠂ ᠮᠢᠨᠴᠦᠭᠦᠷᠡᠬᠦ ᠦᠵᠡᠯ ᠰᠠᠨᠠᠭ᠎ᠠ ᠶᠢ ᠢᠯᠠᠨ ᠳᠠᠪᠠᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠭᠠᠯ ᠤᠨᠲᠠᠷᠠᠭᠠᠬᠤ᠂ ᠣᠶ ᠰᠢᠭᠤᠶ ᠶᠢᠨ ᠭᠠᠯ ᠰᠡᠷᠭᠡᠶᠢᠯᠡᠬᠦ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠣᠳᠠᠰ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠠᠳᠡᠯ ᠤᠨ ᠰᠤᠷᠭᠠᠮᠵᠢ ᠶᠢ ᠭᠦᠨᠵᠡᠭᠡᠶ ᠭᠥᠯᠢᠶᠡᠨ ᠠᠪᠴᠤ᠂ ᠨᠢᠭᠡ ᠠᠴᠠ ᠵᠦᠢᠴᠢᠯᠡᠵᠦ ᠭᠤᠷᠪᠠ ᠶᠢ ᠪᠥᠬᠦ ᠲᠠᠯ᠎ᠠ ᠪᠠᠷ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ᠂ ᠭᠦᠨ ᠬᠦᠪ ᠲᠤ ᠬᠦᠷᠦᠭᠰᠡᠨ ᠮᠡᠲᠦ ᠰᠠᠨᠠᠭᠠᠰᠢᠷᠠᠨ ᠵᠣᠪᠠᠨᠢᠬᠤ ᠤᠬᠠᠮᠰᠠᠷ ᠢ ᠴᠠᠭ ᠢᠮᠠᠭᠲᠠ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠪᠣᠳᠠᠲᠠᠶ ᠲᠠᠯ᠎ᠠ ᠠᠴᠠ ᠡᠭᠦᠰᠴᠦ᠂ ᠪᠡᠯᠡᠳᠬᠡᠯ ᠲᠥᠰᠦᠯ ᠢ ᠪᠠᠴᠢᠮ ᠪᠠᠶᠢᠳᠠᠯ ᠳᠤ ᠬᠡᠷᠡᠭᠯᠡᠬᠦ ᠲᠠᠯ᠎ᠠ ᠪᠠᠷ ᠰᠠᠶᠢᠲᠤᠷ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠰᠢᠶᠠᠨ ᠤ ᠲᠦᠷᠪᠡᠨ ᠶᠡᠭᠡ ᠪᠠᠭ ᠤᠨ ᠬᠢᠨ ᠭᠡᠷ ᠲᠡᠭᠡᠨ ᠤᠳᠤᠷᠢᠳᠴᠤ᠂ ᠰᠢᠭᠦᠬᠦ ᠬᠤᠷᠢᠶᠠᠨ ᠤ ᠳᠠᠷᠤᠭ᠎ᠠ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠰᠢᠩ ᠾᠧ ᠠᠵᠤ ᠦᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3