ᠯᠢ ᠺᠠᠶ ᠳ᠋ᠦᠩ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/2/27
     2 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠺᠠᠶ ᠳ᠋ᠦᠩ ᠬᠤᠲᠠ ᠶᠢᠨ ᠲᠣᠭᠤᠷᠢᠭ ᠳᠠᠭᠠᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠬᠡᠷᠡᠭᠯᠡᠬᠦ ᠪᠠᠷ ᠪᠠᠶᠢᠭ᠎ᠠ ᠭᠠᠵᠠᠷ ᠰᠢᠷᠣᠶ ᠶᠢᠨ ᠲᠤᠬᠠᠶ ᠶᠢᠨ ᠲᠠᠯᠠᠪᠤᠷ ᠤᠨ ᠭᠠᠵᠠᠷ ᠤᠨ ᠪᠠᠶᠢᠴᠠ᠂ ᠡᠷᠬᠢᠨ ᠲᠣᠭᠤᠷᠢᠨ ᠤ ᠣᠷᠴᠢᠨ ᠲᠣᠭᠤᠷᠢᠨ᠂ ᠲᠥᠷᠥᠯ ᠵᠦᠢᠯ ᠤᠨ ᠭᠠᠵᠠᠷ ᠰᠣᠩᠭᠤᠵᠤ ᠭᠠᠵᠠᠷ ᠬᠡᠷᠡᠭᠯᠡᠬᠦ ᠬᠡᠪᠴᠢᠶ᠎ᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠬᠠᠮᠢᠶ᠎ᠠ ᠪᠥᠬᠦᠶ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ ᠰᠢᠷᠣᠶ᠂ ᠲᠥᠷᠥᠯ ᠵᠦᠢᠯ ᠤᠨ ᠪᠠᠶᠢᠷᠢᠰᠢᠭᠤᠯᠤᠯᠲᠠ ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠪᠠ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠪᠠᠯᠠ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠪᠣᠯ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠴᠢᠬᠤᠯᠠ ᠵᠠᠩᠭᠢᠯᠠᠭ᠎ᠠ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠦᠢᠯᠡᠴᠢᠯᠡᠭᠡᠨ ᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠣᠭᠤᠯᠵᠤ ᠠᠪᠴᠢᠷᠠᠭᠰᠠᠨ ᠠᠵᠤ ᠠᠬᠤᠶᠢᠯᠠᠯ ᠤᠨ ᠪᠣᠳᠠᠲᠤ ᠪᠠᠶᠢᠳᠠᠯ ᠢ ᠦᠨᠳᠦᠰᠦᠯᠡᠨ ᠂ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠭᠦᠢᠴᠡᠳ ᠪᠣᠳᠣᠯᠬᠢᠯᠠᠨ᠂ ᠲᠥᠯᠥᠪᠵᠢᠭᠦᠯᠭᠡ ᠳᠤ ᠬᠡᠷᠡᠭᠯᠡᠬᠦ ᠭᠠᠵᠠᠷ ᠰᠢᠷᠣᠢ ᠶᠢ ᠲᠡᠭᠰᠢᠯᠡᠬᠦ᠂ ᠭᠠᠵᠠᠷ ᠰᠢᠷᠣᠢ ᠶᠢ ᠲᠠᠲᠠᠪᠤᠷᠢᠯᠠᠨ ᠠᠷᠰᠠᠷ ᠵᠦᠢᠯ ᠢ ᠴᠡᠪᠡᠷᠯᠡᠬᠦ ᠵᠡᠷᠭᠡ ᠬᠤᠯᠪᠣᠭᠳᠠᠯ ᠪᠦᠬᠦᠢ ᠠᠵᠢᠯ ᠢ ᠲᠦᠷᠭᠡᠨ ᠠᠬᠢᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠬᠦᠴᠢᠷᠳᠡᠯ ᠪᠠ ᠬᠦᠴᠢᠷ ᠲᠦᠪᠡᠭᠲᠡᠢ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠠᠷ ᠨᠡᠩ ᠤᠯᠠᠨ ᠠᠵᠤ ᠠᠬᠤᠶᠢᠯᠠᠯ ᠤᠨ ᠲᠦᠷᠦᠯ ᠵᠦᠢᠯ ᠢ ᠮᠠᠨ ᠤ ᠰᠢᠶᠠᠨ ᠳᠤ ᠨᠠᠶᠢᠳᠠᠪᠤᠷᠢᠵᠢᠭᠤᠯᠤᠨ ᠬᠥᠭᠵᠢᠭᠦᠯᠦᠨ ᠪᠤᠵᠠᠭᠠᠶᠢᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃      ᠰᠢᠶᠠᠨ ᠤ ᠤᠳᠤᠷᠢᠳᠤᠯᠭ᠎ᠠ ᠡᡁᠸᠥ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3