ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 2023 ᠣᠨ ᠤ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠨᠠᠭᠰᠢᠳᠠ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ | 23 ᠤ ᠡᠳᠦᠷ᠂ ᠳ᠋ᠠ ᠲᠦᠩ ᠶᠣᠣ ᠰᠢᠶᠠᠩ ᠤᠨ ᠨᠠᠮ ᠤᠨ ᠬᠤᠷᠢᠶ᠎ᠡ ᠶᠢᠨ ᠱᠦᠵᠢ ᠪᠦᠯᠬᠦᠮ ᠳᠠᠭᠠᠭᠤᠯᠵᠤ᠂ ᠬᠡᠰᠡᠭ | ᠰᠢᠶᠠᠩ ᠤᠨ ᠨᠠᠮ ᠵᠠᠰᠠᠭ ᠤᠨ ᠤᠳᠤᠷᠢᠳᠤᠯᠭ᠎ᠠ᠂ ᠲᠣᠰᠬᠤᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠤᠨ | ᠪᠡᠭᠡᠵᠢᠩ ᠬᠤᠳᠠ ᠶᠢᠨ ᠶᠠᠨᠴᠢᠩ ᠲᠣᠭᠤᠷᠢᠭ ᠲᠤ ᠬᠦᠷᠴᠦ ᠠᠵᠢᠯ ᠲᠦᠷᠦᠯ ᠢᠶᠠᠷ ᠢᠶᠠᠨ ᠬᠠᠮᠵᠢᠯᠴᠠᠬᠤ ᠨᠢᠭᠡᠴᠡ ᠲᠠᠢ | ᠵᠣᠯᠭᠠᠭᠤᠯᠵᠤ᠂ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠾᠧ ᠰᠢᠩ ᠬᠤᠸᠠ ᠬᠠᠮᠲᠤ ᠬᠦᠷᠴᠡᠢ᠃ | | | ᠡᠩ ᠲᠡᠷᠢᠭᠦᠨ ᠳᠤ᠂ ᠮᠠᠨ ᠤ ᠰᠢᠶᠠᠩ ᠤᠨ ᠬᠢᠨ ᠶᠠᠨᠴᠢᠩ ᠲᠣᠭᠤᠷᠢᠭ ᠤᠨ ᠳ᠋ᠠ ᠢᠦᠢ ᠱᠤ ᠪᠠᠯᠭᠠᠰᠤᠨ ᠤ | ᠤᠳᠤᠷᠢᠳᠬᠤ ᠪᠠᠭ ᠤᠨ ᠪᠦᠷᠢᠯᠳᠦᠬᠦᠨ᠂ ᠶᠠᠨᠴᠢᠩ ᠲᠣᠭᠤᠷᠢᠭ ᠤᠨ ᠷᠦᠯᠢᠨ ᠵᠡᠭᠡᠯᠢ ᠭᠤᠳᠤᠮᠵᠢ᠂ ᠲᠠᠷᠢᠶᠠᠯᠠᠩ ᠬᠥᠳᠡᠭᠡ | ᠲᠣᠰᠬᠤᠨ ᠤ ᠲᠤᠪᠴᠢᠶ᠎ᠡ᠂ ᠵᠠᠰᠠᠮᠠᠯ ᠵᠠᠮ ᠤᠨ ᠬᠤᠪᠢᠶᠠᠷᠢ ᠲᠤᠪᠴᠢᠶ᠎ᠡ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠱᠢ | ᠶᠤᠸᠠᠨ ᠺᠣᠮᠫᠠᠨᠢ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠲᠠᠢ ᠳᠠᠷᠠᠭᠠᠴᠢ ᠶᠢᠨ ᠠᠯᠬᠤᠮ ᠤᠨ ᠬᠠᠮᠵᠢᠯᠴᠠᠬᠤ | ᠠᠵᠢᠯ ᠤᠨ ᠲᠤᠬᠠᠢ ᠶᠠᠷᠢᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶ᠎ᠡ ᠶᠢᠨ ᠱᠦᠵᠢ ᠳ᠋ᠡ ᠲᠦᠩ ᠶᠣᠣ ᠰᠢᠶᠠᠩ ᠳᠤ | ᠬᠦᠴᠦᠲᠡᠢ ᠳᠡᠮᠵᠢᠯᠭᠡ ᠦᠵᠡᠭᠦᠯᠦᠭᠰᠡᠨ ᠡᠯ᠎ᠡ ᠨᠢᠭᠡᠴᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠠᠪᠰᠤᠷᠤᠨ | ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ᠂ ᠲᠦᠷᠦᠯ ᠵᠦᠢᠯ ᠤᠨ ᠬᠥᠭᠵᠢᠯᠲᠡ ᠶᠢᠨ ᠪᠠᠶᠢᠳᠠᠯ ᠵᠡᠷᠭᠡ ᠶᠢ | ᠲᠠᠨᠢᠯᠴᠠᠭᠤᠯᠪᠠ᠃ | ᠡᠭᠦᠨ ᠤ ᠳᠠᠷᠠᠭ᠎ᠠ ᠪᠠᠷ᠂ ᠡᠯ᠎ᠡ ᠬᠠᠮᠵᠢᠯᠴᠠᠭᠠᠨ ᠤ ᠨᠢᠭᠡᠴᠡ ᠪᠣᠯᠤᠨ ᠬᠤᠯᠪᠤᠭᠠᠯᠠᠨ ᠳᠠᠭᠠᠭᠠᠴᠢᠯᠠᠭᠰᠠᠨ ᠲᠣᠰᠬᠤᠨ ᠤ | ᠵᠥᠪᠯᠡᠯ ᠤᠨ ᠬᠢᠨ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠵᠢᠴᠢ ᠬᠥᠭᠵᠢᠯᠲᠡ ᠶᠢᠨ ᠬᠡᠷᠡᠭᠴᠡᠭᠡ ᠶᠢᠨ | ᠲᠤᠬᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠤᠯᠤᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠮᠵᠢᠯᠴᠠᠭᠠᠨ ᠤ | ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠬᠡᠷᠡᠭᠴᠡᠭᠡ᠂ ᠡᠬᠢ ᠪᠠᠶᠠᠯᠢᠭ᠂ ᠬᠠᠮᠵᠢᠯᠴᠠᠭ᠎ᠠ ᠭᠡᠬᠦ ︽ᠭᠤᠷᠪᠠᠨ ᠨᠠᠷᠢᠨ | ᠲᠠᠩᠰᠠ︾ ᠶᠢ ᠨᠠᠷᠢᠯᠢᠬᠵᠢᠭᠤᠯᠵᠤ᠂ ᠲᠠᠩ ᠴᠢᠭᠯᠡᠯ ᠢᠶᠠᠷ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ ᠬᠤᠣᠰ | ᠴᠢᠭᠯᠡᠯ ᠢᠶᠠᠷ ᠬᠠᠮᠵᠢᠯᠴᠠᠨ ᠬᠠᠮᠲᠤᠪᠠᠷ ᠠᠰᠢᠭ ᠬᠦᠷᠳᠡᠬᠦ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠬᠠᠮᠵᠢᠯᠴᠠᠭ᠎ᠠ ᠶᠢᠨ | ᠭᠦᠨᠵᠡᠭᠡᠶᠢᠷᠡᠨ ᠪᠣᠳᠠᠲᠠᠶᠢᠵᠢᠬᠤ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠪᠡ᠃ | ᠶᠠᠷᠢᠯᠴᠠᠬᠤ ᠬᠤᠷᠠᠯ ᠲᠡᠭᠦᠰᠦᠭᠰᠡᠨ ᠤ ᠲᠠᠷᠠᠭ᠎ᠠ᠂ ᠰᠢᠶᠠᠩ ᠤᠨ ᠨᠠᠮ ᠤᠨ ᠬᠤᠷᠢᠶ᠎ᠡ ᠶᠢᠨ ᠱᠦᠵᠢ ppt᠂ ᠸᠢᠳᠢᠣ᠋ ᠪᠠᠷ | ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠪᠦᠬᠦ ᠰᠢᠶᠠᠩ ᠤᠨ ᠬᠥᠭᠵᠢᠯᠲᠡ ᠶᠢᠨ ᠣᠳᠣᠬᠢ ᠪᠠᠶᠢᠳᠠᠯ᠂ ᠣᠷᠣᠨ ᠪᠠᠶᠢᠷᠢ ᠶᠢᠨ | ᠳᠠᠪᠠᠭᠤᠯᠢᠭ᠂ ᠠᠵᠤ ᠦᠢᠯᠡᠰ ᠤᠨ ᠲᠥᠯᠥᠪᠵᠢᠭᠦᠯᠭᠡ᠂ ᠳᠠᠯᠳᠠ ᠬᠦᠴᠦᠨ ᠢ ᠠᠭᠤᠳᠠᠯᠬᠤ ᠵᠡᠷᠭᠡ ᠠᠭᠤᠯᠭ᠎ᠠ ᠶᠢ | ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠵᠤ᠂ ᠪᠡᠯᠡ | ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠶᠢ ᠬᠦᠰᠡᠪᠡ᠃ | ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠢᠯᠡᠳᠬᠡᠬᠦ ᠳᠡᠭᠡᠨ᠂ ᠳ᠋ᠠ ᠲᠦᠩ ᠶᠣᠣ ᠰᠢᠶᠠᠩ ᠤᠨ | ᠤᠢᠢᠷ᠎ᠠ ᠶᠢᠨ ᠵᠢᠯ ᠤᠨ ᠠᠵᠤ ᠠᠬᠤᠢ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠮᠵᠢᠯᠲᠠ ᠪᠦᠲᠦᠮᠵᠢ ᠶᠢ ᠣᠯᠵᠤ ᠬᠠᠷᠠᠭᠠᠳ᠂ | ᠬᠠᠮᠵᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ ᠵᠣᠷᠢᠭ ᠢᠶᠠᠨ ᠨᠡᠩ ᠪᠠᠲᠤᠳᠬᠠᠵᠤ᠂ ᠲᠤᠰ ᠪᠡᠶ᠎ᠡ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠡᠯ᠎ᠡ ᠲᠦᠷᠦᠯ ᠤᠨ ︽ᠵᠥᠭᠡᠯᠡᠨ ᠬᠠᠲᠠᠭᠤ ᠬᠡᠷᠡᠭᠰᠡᠯ︾ ᠤᠨ ᠡᠬᠢ ᠪᠠᠶᠠᠯᠢᠭ ᠢ | ᠦᠷᠭᠦᠯᠵᠢᠯᠡᠨ ᠭᠠᠳᠠᠭᠰᠢ ᠭᠠᠷᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠪᠣᠳᠠᠲᠤ ᠦᠷ᠎ᠡ ᠪᠦᠲᠦᠮᠵᠢ ᠶᠢ ᠪᠠᠲᠤᠯᠠᠨ᠎ᠠ ᠭᠡᠪᠡ | ᠃ | ᠡᠭᠦᠨ ᠠᠴᠠ ᠭᠠᠳᠠᠨ᠎ᠠ᠂ ᠬᠠᠮᠵᠢᠯᠴᠠᠬᠤ ᠨᠢᠭᠡᠴᠡ ᠶᠢᠨ ᠵᠣᠬᠢᠶᠠᠨ ᠪᠠᠶᠢᠭᠤᠯᠤᠯᠲᠠ ᠳᠣᠣᠷ᠎ᠠ᠂ ᠮᠠᠨ ᠤ | ᠰᠢᠶᠠᠩ ᠤᠨ ᠬᠢᠨ ᠶᠠᠨᠴᠢᠩ ᠲᠣᠭᠤᠷᠢᠭ ᠤᠨ ᠶᠢᠨ ᠭᠦᠸᠧ ᠶᠤᠸᠠᠨ ᠠᠬᠠᠮᠠᠳ ᠲᠠᠷᠢᠶᠠᠴᠢᠨ ᠤ ᠠᠵᠤ ᠠᠬᠤᠶᠢᠯᠠᠯ᠂ | ᠪᠡᠭᠡᠵᠢᠩ ᠤᠨ ᠯᠢ ᠱᠧᠩ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠤᠰᠬᠠᠢ ᠬᠤᠷᠰᠢᠶ᠎ᠠ᠂ ᠯᠢᠦᠶ ᠬᠤᠢ ᠲᠠᠷᠢᠮᠠᠯ ᠤᠨ | ᠬᠤᠷᠰᠢᠶ᠎ᠠ᠂ ᠽᠦᠩ ᠵᠢᠶᠠ ᠶᠢᠩ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ | ᠲᠣᠰᠬᠤᠨ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠰᠤᠷᠤᠯᠴᠠᠯᠭ᠎ᠠ ᠰᠣᠯᠢᠯᠴᠠᠭ᠎ᠠ ᠥᠷᠨᠢᠭᠦᠯᠦᠭᠰᠡᠨ ᠪᠥᠭᠡᠳ ᠬᠡᠰᠡᠭ | ᠠᠵᠤ ᠠᠬᠤᠶᠢᠯᠠᠯ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠠᠢ᠃ | ᠲᠣᠰ ᠤᠳᠠᠭᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠣᠯᠭᠠᠭᠤᠯᠬᠤ ᠵᠢᠴᠢ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠨᠢ ᠪᠥᠬᠦ ᠰᠢᠶᠠᠩ ᠤᠨ ᠠᠵᠤ ᠦᠢᠯᠡᠰ ᠤᠨ ᠬᠥᠭᠵᠢᠯᠲᠡ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠪᠠᠯᠠ ᠮᠥᠩᠭᠦ ᠶᠢᠨ ᠲᠥᠷᠥᠯ ᠵᠦᠢᠯ ᠢ ᠲᠡᠮᠡᠴᠡᠨ ᠤᠯᠬᠤ ᠵᠡᠷᠭᠡ ᠭᠤᠤᠯᠳᠠᠯᠭ᠎ᠠ ᠲᠠᠢ | ᠬᠦᠷᠢᠶᠡᠨ ᠳᠠᠬᠢ ᠠᠵᠢᠯ ᠢ ᠬᠦᠴᠦᠲᠡᠶ ᠳᠥᠯᠭᠢᠨ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠬᠥᠭᠵᠢᠯᠲᠡ ᠳᠤ ᠰᠠᠶᠢᠨ | ᠰᠠᠭᠤᠷᠢ ᠶᠢ ᠲᠠᠯᠪᠢᠭᠰᠠᠨ ᠪᠠᠶᠢᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |