ᠳ᠋ᠠ  ᠲᠦᠩ ᠶᠣᠣ ᠰᠢᠶᠠᠩ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢ ᠨᠥᠬᠦᠪᠥᠷᠢᠯᠡᠬᠦ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠠᠩᠬᠠᠨ ᠤ ᠡᠳ᠋ᠰᠢᠭᠦᠯᠦᠯᠲᠡ ᠶᠢᠨ ᠲᠥᠬᠦᠭᠡᠷᠦᠮᠵᠢ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/27
     ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ 2 ᠰᠠᠷ᠎ᠠ ᠶᠢᠨ 22 ᠤᠨ ᠡᠳᠦᠷ᠂  ᠳ᠋ᠠ  ᠲᠦᠩ ᠶᠣᠣ ᠰᠢᠶᠠᠩ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢ ᠨᠥᠬᠦᠪᠥᠷᠢᠯᠡᠬᠦ ᠵᠢᠴᠢ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠣᠯᠪᠠᠰᠤᠷᠠᠭᠤᠯᠬᠤ ᠲᠥᠬᠦᠭᠡᠷᠦᠮᠵᠢ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠬᠤ ᠪᠠᠭ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠬᠤᠷᠰᠢᠶ᠎ᠠ ᠶᠢᠨ ᠬᠠᠷᠢᠭᠤᠴᠠᠯᠭᠠᠲᠠᠨ ᠪᠣᠯᠤᠨ ᠲᠠᠷᠢᠮᠠᠯ ᠤᠨ ᠲᠤᠮᠤ ᠡᠷᠦᠬᠡ ᠲᠤᠰ ᠤᠳᠠᠭ᠎ᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃
     ᠬᠤᠷᠠᠯ ᠠᠴᠠ ᠡᠩ ᠲᠡᠷᠢᠭᠦᠨ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠡ ᠶᠢᠨ ᠶᠡᠷᠦᠩᠬᠡᠶᠢᠯᠡᠭᠰᠡᠨ ᠵᠤᠷᠭᠠᠨ ᠤ ᠨᠡᠶᠢᠲᠡᠯᠡᠭᠰᠡᠨ ︽ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ︵5.590᠂ -0.01᠂ -0.18%︶ ᠤ ᠭᠠᠷᠤᠯᠲᠠ ᠶᠢᠨ ᠣᠷᠣᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃      ᠬᠤᠷᠠᠯ ᠠᠴᠠ  ᠴᠢᠩᠭᠠᠳᠬᠠᠭᠰᠠᠨ ᠨᠢ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠪᠦᠳᠦᠭᠡᠨ ᠪᠠᠶᠢᠭᠤᠯᠬᠤ ᠨᠢ ᠮᠠᠨ ᠤ ᠰᠢᠶᠠᠩ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠵᠤ᠂ ᠭᠠᠷᠤᠯᠲᠠ ᠶᠢᠨ ᠣᠷᠣᠨ ᠤ ︽ᠬᠠᠮᠤᠭ ᠤᠨ ᠲᠦᠷᠦᠭᠦᠨ ᠳᠤ ᠨᠢᠭᠡ ᠺᠢᠯᠤᠮᠧᠳ᠋ᠷ︾ ᠤᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠤᠨᠴᠠᠯᠢᠬᠳᠤ ᠲᠦᠷᠦᠯ ᠲᠡᠮᠳᠡᠭ ᠢ ᠭᠤᠣᠯᠳᠠᠯᠭ᠎ᠠ ᠲᠠᠢ ᠪᠤᠶᠢᠵᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠪᠠᠷᠢᠮᠵᠢᠶᠠᠵᠢᠯᠲᠠ᠂ ᠬᠡᠪᠴᠢᠶᠡᠵᠢᠯᠲᠡ᠂ ᠲᠦᠷᠦᠯ ᠳᠡᠮᠳᠡᠭᠵᠢᠯᠳᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠲᠦᠷᠦᠯ ᠵᠦᠢᠯ ᠤᠨ ᠲᠥᠯᠥᠪᠵᠢᠭᠦᠯᠭᠡ ᠶᠢ ᠴᠢᠨᠠᠭᠰᠢᠳᠠ ᠵᠣᠯᠭᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠤᠬᠢᠷᠠᠭᠤᠯᠵᠤ᠂ ᠦᠨᠡᠨ ᠠᠴᠠ ᠵᠥᠪ ᠢ ᠡᠷᠢᠵᠦ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠬᠤ ᠬᠡᠷᠡᠭᠲᠡᠢ᠃ ᠰᠠᠶᠢᠨ ᠰᠠᠶᠢᠬᠠᠨ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠬᠠᠩᠭᠠᠵᠤ᠂ ᠲᠣᠰᠬᠤᠨ ᠤ ᠠᠷᠠᠳ ᠲᠠᠢ ᠦᠢᠯᠡᠴᠢᠯᠡᠭᠡᠨ ᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠦᠳᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠶ᠃      ᠬᠤᠷᠠᠯ ᠠᠴᠠ ᠶᠠᠷᠢᠯᠴᠠᠬᠤ ᠬᠤᠷᠠᠯ ᠤᠨ ᠬᠡᠯᠪᠡᠷᠢ ᠪᠠᠷ ᠡᠯ᠎ᠡ ᠲᠣᠰᠬᠤᠨ ᠤ ᠬᠤᠷᠰᠢᠶ᠎ᠠ ᠪᠣᠯᠤᠨ ᠲᠠᠷᠢᠮᠠᠯ ᠤᠨ ᠲᠤᠮᠤ ᠡᠷᠦᠭᠡ ᠶᠢᠨ ᠰᠠᠨᠠᠯ ᠢ ᠰᠣᠨᠣᠰᠤᠭᠰᠠᠨ ᠪᠥᠭᠡᠳ ᠲᠣᠰᠬᠤᠨ ᠢᠶᠠᠷ ᠨᠢᠭᠡᠴᠢ ᠪᠣᠯᠭᠠᠵᠤ᠂ ᠲᠠᠷᠢᠶᠠᠨ ᠦᠵᠦᠭᠦᠷ ᠤᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠠᠯᠬᠤᠮ ᠪᠣᠯᠪᠠᠰᠤᠷᠠᠭᠤᠯᠬᠤ ᠲᠥᠬᠦᠭᠡᠷᠦᠮᠵᠢ ᠶᠢᠨ ᠬᠡᠷᠡᠭᠴᠡᠭᠡᠨ ᠤ ᠬᠡᠮᠵᠢᠶ᠎ᠡ ᠶᠢ ᠲᠥᠰᠦᠭᠡᠯᠡᠨ ᠪᠤᠳᠤᠵᠠᠢ᠃      ᠲᠤᠰ ᠤᠳᠠᠭᠠᠨ ᠤ ᠶᠠᠷᠢᠯᠴᠠᠬᠤ ᠬᠤᠷᠠᠯ ᠨᠢ ᠪᠢᠴᠢᠭ ᠮᠠᠲ᠋ᠧᠷᠢᠶᠠᠯ ᠢ ᠲᠠᠶᠢᠯᠪᠤᠷᠢᠯᠠᠬᠤ᠂ ᠬᠡᠷᠡᠭ ᠢᠶᠠᠷ ᠬᠡᠯᠡᠯᠴᠡᠬᠦ᠂ ᠬᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠡᠯ᠎ᠡ ᠭᠠᠴᠠᠭᠠᠨ ᠳᠤ ᠲᠤᠰ ᠠᠵᠢᠯ ᠤᠨ ᠴᠢᠬᠤᠯᠠ ᠴᠢᠨᠠᠷ ᠪᠠ ᠴᠢᠬᠤᠯᠠ ᠴᠢᠨᠠᠷ ᠢ ᠨᠠᠷᠢᠨ ᠲᠠᠶᠢᠯᠪᠤᠷᠢᠯᠠᠵᠤ ᠥᠭᠪᠡ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3