2 ᠳ᠋ᠤᠭᠠᠷ ᠰᠠᠷ᠎ᠠ ᠶᠢᠨ 27 ᠤ ᠡᠳᠦᠷ᠂ ᠮᠠᠨ ᠤ ᠰᠢᠶᠠᠨ ᠤ ᠠᠵᠤ ᠠᠬᠤᠶ ᠶᠢ ᠲᠣᠭᠲᠠᠪᠤᠷᠢᠵᠢᠭᠤᠯᠬᠤ᠂ ᠪᠠᠯᠠ | ᠣᠷᠣᠭᠤᠯᠤᠯᠲᠠ ᠶᠢ ᠲᠣᠭᠲᠠᠪᠤᠷᠢᠵᠢᠭᠤᠯᠬᠤ ᠬᠠᠮᠢᠶ᠎ᠠ ᠪᠥᠬᠦᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠲᠥᠯᠥᠪᠯᠡᠬᠦ ᠬᠢᠷᠢ ᠲᠦᠪᠰᠢᠨ ᠢ ᠦᠨᠡᠨᠬᠦ | ᠳᠡᠭᠡᠭᠰᠢᠯᠡᠭᠦᠯᠦᠨ᠂ ᠡᠯ᠎ᠡ ᠰᠢᠶᠠᠩ ᠪᠠᠯᠭᠠᠰᠤ ᠪᠠ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ | ᠲᠥᠷᠥᠯ ᠵᠦᠢᠯ ᠭᠤᠶᠤᠴᠢᠯᠠᠬᠤ ᠪᠠ ᠪᠠᠯᠠ ᠮᠥᠩᠭᠦ ᠭᠤᠶᠤᠴᠢᠯᠠᠬᠤ ᠠᠵᠢᠯ ᠢ ᠰᠠᠶᠢᠲᠤᠷ ᠬᠢᠬᠦ ᠳᠤ ᠵᠢᠯᠣᠭᠤᠳᠣᠯᠭ᠎ᠠ | ᠬᠠᠩᠭᠠᠬᠤ ᠶᠢᠨ ᠲᠥᠯᠥᠭᠡ᠂ ᠰᠢᠩ ᠾᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2023 | ᠣᠨ ᠤ ᠳᠡᠭᠡᠳᠦ ᠱᠠᠲᠤᠨ ᠤ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠲᠤᠰᠬᠠᠶ | ᠪᠣᠯᠪᠠᠰᠤᠷᠠᠭᠤᠯᠤᠯ ᠤᠨ ᠬᠤᠷᠠᠯ ᠢ ᠡᠷᠭᠢᠯᠡᠪᠡ᠃ | | | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ ᠳᠡᠭᠡᠳᠦ ᠱᠠᠲᠤᠨ ᠤ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ | ᠬᠦᠷᠢᠶ᠎ᠡ ᠬᠤᠪᠢᠶᠠᠨ ᠲᠠᠶᠢᠯᠪᠤᠷᠢᠯᠠᠪᠠ᠂ ᠡᠨᠡ ᠨᠢ ᠮᠠᠨ ᠤ ᠰᠢᠶᠠᠨ ᠤ ᠳᠡᠭᠡᠳᠦ ᠱᠠᠲᠤᠨ ᠤ ᠪᠠᠯᠠ ᠮᠥᠩᠭᠦ ᠶᠢᠨ ᠲᠥᠷᠥᠯ | ᠵᠦᠢᠯ ᠢ ᠲᠡᠮᠡᠴᠡᠨ ᠤᠯᠬᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ | ᠪᠣᠯᠪᠠᠰᠤᠷᠠᠭᠤᠯᠤᠯ ᠳᠤ ᠵᠢᠭᠠᠵᠤ ᠭᠠᠷᠭᠠᠭᠰᠠᠨ ᠨᠢ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ | ᠠᠮᠵᠢᠯᠲᠠ ᠲᠠᠢ ᠪᠠᠶᠢᠬᠤ ᠶᠢ ᠪᠠᠷᠢᠮᠲᠠᠯᠠᠨ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ | ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠶᠢ ᠪᠣᠳᠠᠲᠠᠢ ᠠᠵᠢᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ | ᠰᠤᠷᠤᠯᠴᠠᠬᠤ ᠶᠢ ᠪᠣᠳᠣᠯᠬᠢᠯᠠᠬᠤ᠂ ᠰᠤᠷᠤᠯᠴᠠᠬᠤ ᠶᠢ ᠬᠡᠷᠡᠭᠯᠡᠬᠦ ᠶᠢ ᠪᠡᠶᠡᠯᠡᠭᠦᠯᠵᠦ᠂ ᠡᠯ᠎ᠡ ᠰᠢᠶᠠᠩ ᠪᠠᠯᠭᠠᠰᠤ᠂ ᠡᠯ᠎ᠡ | ᠬᠦᠷᠢᠶᠡᠨ ᠤ ᠤᠨᠴᠠᠯᠢᠬᠳᠤ ᠬᠥᠭᠵᠢᠯᠲᠡ ᠶᠢᠨ ᠳᠠᠪᠠᠭᠤᠯᠢᠭ ᠢ ᠨᠠᠷᠢᠨ ᠬᠢᠨᠠᠮᠠᠭᠠᠢ ᠵᠠᠳᠠᠯᠵᠤ᠂ ᠡᠯ᠎ᠡ ᠠᠵᠢᠯ | ᠲᠦᠷᠦᠯ ᠤᠨ ᠬᠦᠷᠢᠶᠡᠨ ᠤ ᠲᠦᠷᠦ ᠶᠢᠨ ᠪᠤᠳᠤᠯᠭ᠎ᠠ ᠶᠢᠨ ᠬᠥᠭᠵᠢᠯᠲᠡ ᠶᠢᠨ ᠴᠢᠭᠯᠡᠯ ᠳᠤ ᠲᠦᠰᠢᠭᠯᠡᠨ᠂ ᠳᠡᠭᠡᠳᠦ | ᠱᠠᠲᠤᠨ ᠤ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢᠨ ᠶᠣᠰᠣᠭᠠᠷ ᠤᠯᠤᠰ ᠤᠨ ᠲᠦᠷᠦ ᠶᠢᠨ | ᠪᠤᠳᠤᠯᠭ᠎ᠠ ᠶᠢᠨ ᠬᠡᠷᠡᠭᠴᠡᠭᠡ᠂ ᠬᠥᠭᠵᠢᠨ ᠮᠠᠨᠳᠤᠬᠤ ᠪᠠ ᠬᠥᠭᠵᠢᠬᠦ ᠳᠤ ᠬᠡᠷᠡᠭᠴᠡᠭᠡ ᠲᠠᠢ᠂ ᠠᠷᠠᠳ ᠤᠯᠠᠨ ᠤ ᠬᠦᠰᠡᠨ | ᠡᠷᠡᠮᠡᠯᠵᠡᠵᠦ ᠪᠠᠶᠢᠭ᠎ᠠ ᠨᠢᠭᠡ ᠪᠦᠯᠦᠭ ᠰᠠᠶᠢᠨ ᠲᠦᠷᠦᠯ ᠵᠦᠢᠯ ᠢ ᠦᠨᠡᠨᠬᠦ ᠲᠥᠯᠥᠪᠵᠢᠭᠦᠯᠬᠦ ᠬᠡᠷᠡᠭᠲᠡᠢ︔ | ᠪᠠᠷᠢᠮᠵᠢᠶ᠎ᠠ ᠲᠠᠢ ᠬᠠᠷᠢᠴᠠᠭᠤᠯᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠭᠡᠯ ᠤᠨ ᠪᠡᠯᠡᠳᠬᠡᠯ ᠠᠵᠢᠯ ᠢ ᠦᠨᠡᠨᠬᠦ | ᠰᠠᠶᠢᠲᠤᠷ ᠬᠢᠵᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠮᠵᠢᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ | ᠪᠥᠬᠦ ᠰᠢᠶᠠᠨ ᠳᠤ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠠᠶᠢᠭᠤᠯᠬᠤ᠂ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |