ᠰᠢᠩ ᠾᠧ ᠰᠢᠶᠠᠨ 2023 ᠣᠨ ᠤ ᠳᠡᠭᠡᠳᠦ ᠱᠠᠲᠤᠨ ᠤ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠲᠤᠰᠬᠠᠶ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/2/28
     2 ᠳ᠋ᠤᠭᠠᠷ ᠰᠠᠷ᠎ᠠ ᠶᠢᠨ 27 ᠤ ᠡᠳᠦᠷ᠂ ᠮᠠᠨ ᠤ ᠰᠢᠶᠠᠨ ᠤ ᠠᠵᠤ ᠠᠬᠤᠶ ᠶᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠬᠠᠮᠢᠶ᠎ᠠ ᠪᠥᠬᠦᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠲᠥᠯᠥᠪᠯᠡᠬᠦ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠡᠯ᠎ᠡ ᠰᠢᠶᠠᠩ ᠪᠠᠯᠭᠠᠰᠤ ᠪᠠ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠲᠥᠷᠥᠯ ᠵᠦᠢᠯ ᠭᠤᠶᠤᠴᠢᠯᠠᠬᠤ ᠪᠠ ᠪᠠᠯᠠ ᠮᠥᠩᠭᠦ ᠭᠤᠶᠤᠴᠢᠯᠠᠬᠤ ᠠᠵᠢᠯ ᠢ ᠰᠠᠶᠢᠲᠤᠷ ᠬᠢᠬᠦ ᠳᠤ ᠵᠢᠯᠣᠭᠤᠳᠣᠯᠭ᠎ᠠ ᠬᠠᠩᠭᠠᠬᠤ ᠶᠢᠨ ᠲᠥᠯᠥᠭᠡ᠂ ᠰᠢᠩ ᠾᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2023 ᠣᠨ ᠤ ᠳᠡᠭᠡᠳᠦ ᠱᠠᠲᠤᠨ ᠤ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠲᠤᠰᠬᠠᠶ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠪᠡ᠃
     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠳᠡᠭᠡᠳᠦ ᠱᠠᠲᠤᠨ ᠤ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠬᠦᠷᠢᠶ᠎ᠡ ᠬᠤᠪᠢᠶᠠᠨ ᠲᠠᠶᠢᠯᠪᠤᠷᠢᠯᠠᠪᠠ᠂ ᠡᠨᠡ ᠨᠢ ᠮᠠᠨ ᠤ ᠰᠢᠶᠠᠨ ᠤ ᠳᠡᠭᠡᠳᠦ ᠱᠠᠲᠤᠨ ᠤ ᠪᠠᠯᠠ ᠮᠥᠩᠭᠦ ᠶᠢᠨ ᠲᠥᠷᠥᠯ ᠵᠦᠢᠯ ᠢ ᠲᠡᠮᠡᠴᠡᠨ ᠤᠯᠬᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃      ᠪᠣᠯᠪᠠᠰᠤᠷᠠᠭᠤᠯᠤᠯ ᠳᠤ ᠵᠢᠭᠠᠵᠤ ᠭᠠᠷᠭᠠᠭᠰᠠᠨ ᠨᠢ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠠᠮᠵᠢᠯᠲᠠ ᠲᠠᠢ ᠪᠠᠶᠢᠬᠤ ᠶᠢ ᠪᠠᠷᠢᠮᠲᠠᠯᠠᠨ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠶᠢ ᠪᠣᠳᠠᠲᠠᠢ ᠠᠵᠢᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠰᠤᠷᠤᠯᠴᠠᠬᠤ ᠶᠢ ᠪᠣᠳᠣᠯᠬᠢᠯᠠᠬᠤ᠂ ᠰᠤᠷᠤᠯᠴᠠᠬᠤ ᠶᠢ ᠬᠡᠷᠡᠭᠯᠡᠬᠦ ᠶᠢ ᠪᠡᠶᠡᠯᠡᠭᠦᠯᠵᠦ᠂ ᠡᠯ᠎ᠡ ᠰᠢᠶᠠᠩ ᠪᠠᠯᠭᠠᠰᠤ᠂ ᠡᠯ᠎ᠡ ᠬᠦᠷᠢᠶᠡᠨ ᠤ ᠤᠨᠴᠠᠯᠢᠬᠳᠤ ᠬᠥᠭᠵᠢᠯᠲᠡ ᠶᠢᠨ ᠳᠠᠪᠠᠭᠤᠯᠢᠭ ᠢ ᠨᠠᠷᠢᠨ ᠬᠢᠨᠠᠮᠠᠭᠠᠢ ᠵᠠᠳᠠᠯᠵᠤ᠂ ᠡᠯ᠎ᠡ ᠠᠵᠢᠯ ᠲᠦᠷᠦᠯ ᠤᠨ ᠬᠦᠷᠢᠶᠡᠨ ᠤ ᠲᠦᠷᠦ ᠶᠢᠨ ᠪᠤᠳᠤᠯᠭ᠎ᠠ ᠶᠢᠨ ᠬᠥᠭᠵᠢᠯᠲᠡ ᠶᠢᠨ ᠴᠢᠭᠯᠡᠯ ᠳᠤ ᠲᠦᠰᠢᠭᠯᠡᠨ᠂ ᠳᠡᠭᠡᠳᠦ ᠱᠠᠲᠤᠨ ᠤ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢᠨ ᠶᠣᠰᠣᠭᠠᠷ ᠤᠯᠤᠰ ᠤᠨ ᠲᠦᠷᠦ ᠶᠢᠨ ᠪᠤᠳᠤᠯᠭ᠎ᠠ ᠶᠢᠨ ᠬᠡᠷᠡᠭᠴᠡᠭᠡ᠂ ᠬᠥᠭᠵᠢᠨ ᠮᠠᠨᠳᠤᠬᠤ ᠪᠠ ᠬᠥᠭᠵᠢᠬᠦ ᠳᠤ ᠬᠡᠷᠡᠭᠴᠡᠭᠡ ᠲᠠᠢ᠂ ᠠᠷᠠᠳ ᠤᠯᠠᠨ ᠤ ᠬᠦᠰᠡᠨ ᠡᠷᠡᠮᠡᠯᠵᠡᠵᠦ ᠪᠠᠶᠢᠭ᠎ᠠ ᠨᠢᠭᠡ ᠪᠦᠯᠦᠭ ᠰᠠᠶᠢᠨ ᠲᠦᠷᠦᠯ ᠵᠦᠢᠯ ᠢ ᠦᠨᠡᠨᠬᠦ ᠲᠥᠯᠥᠪᠵᠢᠭᠦᠯᠬᠦ ᠬᠡᠷᠡᠭᠲᠡᠢ︔ ᠪᠠᠷᠢᠮᠵᠢᠶ᠎ᠠ ᠲᠠᠢ ᠬᠠᠷᠢᠴᠠᠭᠤᠯᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠭᠡᠯ ᠤᠨ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠵᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠮᠵᠢᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠪᠥᠬᠦ ᠰᠢᠶᠠᠨ ᠳᠤ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠠᠶᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3