ᠰᠢᠩ ᠾᠧ ᠰᠢᠶᠠᠨ 27 ᠳ᠋ᠤᠭᠠᠷ ᠳᠡᠯᠡᠬᠡᠢ ᠶᠢᠨ ᠨᠤᠭᠤ ᠭᠠᠵᠠᠷ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/3
     2023 ᠣᠨ ᠤ 2 ᠰᠠᠷ᠎ᠠ ᠶᠢᠨ 2᠎ ᠤᠨ ᠡᠳᠦᠷ ᠪᠣᠯ 27 ᠳ᠋ᠤᠭᠠᠷ ᠳᠡᠯᠡᠬᠡᠢ ᠶᠢᠨ ᠨᠤᠭᠤ ᠭᠠᠵᠠᠷ ᠤᠨ ᠡᠳᠦᠷ ᠪᠣᠯᠤᠨ᠎ᠠ᠂ ᠨᠤᠭᠤ ᠭᠠᠵᠠᠷ ᠤᠨ ᠬᠠᠮᠠᠭᠠᠯᠠᠯᠲᠠ ᠶᠢᠨ ᠴᠢᠬᠤᠯᠠ ᠴᠢᠨᠠᠷ ᠢ ᠨᠡᠩ ᠰᠠᠶᠢᠲᠤᠷ ᠤᠬᠠᠭᠤᠯᠵᠤ᠂ ᠤᠯᠠᠨ ᠨᠡᠶᠢᠲᠡ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠨᠤᠭᠤ ᠭᠠᠵᠠᠷ ᠤᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠰᠢᠩ ᠡᡁᠧ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠡ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ  ᠲᠤᠪᠴᠢᠶ᠎ᠡ ᠂ ᠰᠢᠩ ᠡᡁᠧ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠡ ᠲᠠᠢ ᠬᠠᠮᠲᠤᠷᠠᠨ ᠨᠤᠭᠤ ᠭᠠᠵᠠᠷ ᠤᠨ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠲᠣᠰ ᠤᠳᠠᠭᠠᠨ ᠤ ᠠᠵᠢᠯᠯᠠᠭ᠎ᠠ ᠶᠢᠨ ᠤᠬᠠᠭᠤᠯᠭ᠎ᠠ ᠶᠢᠨ ᠭᠤᠤᠯ ᠰᠡᠳᠦᠪ ᠨᠢ ︽ᠴᠢᠭᠢᠭᠯᠢᠭ ᠭᠠᠵᠠᠷ ᠢ ᠵᠠᠰᠠᠨ ᠰᠡᠷᠭᠦᠭᠡᠬᠦ ᠶᠠᠪᠤᠳᠠᠯ ᠪᠠᠴᠢᠮ ᠲᠤᠯᠭᠠᠮ ᠱᠠᠭᠠᠷᠳᠠᠭᠳᠠᠵᠤ ᠪᠠᠶᠢᠨ᠎ᠠ︾᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠡᠯᠭᠦᠭᠡ ᠪᠢᠴᠢᠭᠡᠰᠦ ᠡᠯᠭᠦᠬᠦ᠂ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠥᠷᠭᠡᠨ ᠣᠯᠠᠨ ᠲᠦᠮᠡᠨ ᠳᠤ ᠨᠤᠭᠤ ᠭᠠᠵᠠᠷ ᠤᠨ ᠴᠢᠳᠠᠮᠵᠢ ᠪᠠ ᠦᠶ᠋ᠯᠡᠳᠦᠯ᠂ ᠨᠤᠭᠤ ᠭᠠᠵᠠᠷ ᠤᠨ ᠴᠢᠬᠤᠯᠠ ᠴᠢᠨᠠᠷ ᠵᠢᠴᠢ ᠨᠤᠭᠤ ᠭᠠᠵᠠᠷ ᠤᠨ ᠬᠡᠭᠡᠷ᠎ᠡ ᠶᠢᠨ ᠠᠮᠢᠲᠠᠨ ᠢ ᠬᠡᠷᠬᠢᠨ ᠬᠠᠮᠠᠭᠠᠯᠠᠬᠤ ᠵᠡᠷᠭᠡ ᠬᠤᠯᠪᠣᠭᠳᠠᠯ ᠪᠥᠬᠦᠶ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠬᠥᠳᠡᠯᠦᠯᠴᠡᠵᠦ᠂ ᠨᠤᠭᠤ ᠭᠠᠵᠠᠷ ᠤᠨ ᠤᠤᠯ ᠠᠮᠢ ᠠᠬᠤᠶ ᠶᠢ ᠰᠡᠷᠭᠦᠭᠡᠬᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃      ᠲᠣᠰ ᠤᠳᠠᠭᠠᠨ ᠤ ᠤᠬᠠᠭᠤᠯᠭ᠎ᠠ ᠪᠠᠷ ᠳᠡᠮᠵᠢᠨ᠂ ᠣᠯᠠᠨ ᠲᠦᠮᠡᠨ ᠤ ᠨᠤᠭᠤ ᠭᠠᠵᠠᠷ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠨᠤᠭᠤ ᠭᠠᠵᠠᠷ ᠢ ᠬᠠᠯᠠᠮᠵᠢᠯᠠᠬᠤ᠂ ᠨᠤᠭᠤ ᠭᠠᠵᠠᠷ ᠢ ᠬᠠᠮᠠᠭᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠨᠤᠭᠤ ᠭᠠᠵᠠᠷ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠦᠭᠰᠡᠨ ᠠᠴᠠ ᠨᠤᠭᠤ ᠭᠠᠵᠠᠷ ᠤᠨ ᠤᠰᠤ ᠰᠢᠷᠣᠶ ᠶᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠳᠤ ᠦᠵᠡᠭᠦᠯᠬᠦ ᠴᠢᠬᠤᠯᠠ ᠬᠤᠪᠢ ᠨᠡᠮᠡᠷᠢ ᠶᠢ ᠲᠠᠨᠢᠭᠰᠠᠨ ᠪᠥᠭᠡᠳ ᠨᠤᠭᠤ ᠭᠠᠵᠠᠷ ᠢ ᠬᠠᠮᠠᠭᠠᠯᠠᠬᠤ ᠳᠤ ᠢᠳᠡᠪᠬᠢᠲᠡᠶ ᠣᠷᠣᠯᠴᠠᠭᠰᠠᠨ ᠪᠠᠶᠢᠨ᠎ᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3