ᠳ᠋ᠢᠶᠠᠨ ᠽᠢ ᠪᠠᠯᠭᠠᠰᠤ 2023 ᠣᠨ ᠤ ᠴᠠᠭᠠᠨ ᠰᠠᠷ᠎ᠠ ᠶᠢ ᠤᠭᠲᠤᠬᠤ ᠰᠣᠶᠣᠯ ᠪᠡᠶ᠎ᠡ ᠶᠢᠨ ᠲᠠᠮᠢᠷ ᠤᠨ ᠤᠷᠠᠯᠢᠭ ᠤᠨ  ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2023/2/3
     ᠲᠣᠰᠬᠤᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠂ ᠢᠳᠡᠪᠬᠢᠲᠡᠢ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠣᠶᠣᠯ ᠤᠨ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠲᠣᠭᠲᠠᠭᠤᠨ ᠢᠶᠠᠷ ᠠᠬᠢᠭᠤᠯᠵᠤ᠂ ᠪᠦᠬᠦ ᠪᠠᠯᠭᠠᠰᠤᠨ ᠤ ᠠᠷᠠᠳ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ᠂ ᠢᠳᠡᠪᠬᠢᠲᠡᠢ ᠡᠷᠡᠭᠦᠯ ᠴᠢᠭᠢᠷᠠᠭ᠂ ᠬᠦᠴᠦᠯᠡᠨ ᠴᠢᠷᠮᠠᠶᠢᠵᠤ ᠥᠭᠡᠳᠡᠯᠡᠨ ᠲᠠᠪᠰᠢᠬᠤ ᠰᠢᠨ᠎ᠡ ᠴᠠᠭ ᠦᠶ᠎ᠡ ᠶᠢᠨ ᠵᠣᠷᠢᠭ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠬᠦ ᠬᠡᠷᠡᠭᠲᠡᠢ᠃ 2023 ᠣᠨ ᠤ 2 ᠰᠠᠷ᠎ᠠ ᠶᠢᠨ 2᠎ ᠤᠨ ᠦᠳᠡ ᠶᠢᠨ ᠡᠮᠦᠨ᠎ᠡ᠂ ᠮᠠᠨ ᠤ ᠰᠢᠶᠠᠨ ᠤ ᠳ᠋ᠢᠶᠠᠨ ᠽᠢ ᠪᠠᠯᠭᠠᠰᠤ ᠶᠢᠨ ᠬᠢᠨ ︽ᠳ᠋ᠢᠶᠠᠨ ᠽᠢ ᠪᠠᠯᠭᠠᠰᠤ ᠶᠢᠨ 2023 ᠣᠨ ᠤ ᠴᠠᠭᠠᠨ ᠰᠠᠷ᠎ᠠ ᠶᠢ ᠤᠭᠲᠤᠬᠤ ᠰᠣᠶᠣᠯ᠂ ᠪᠡᠶ᠎ᠡ ᠶᠢᠨ ᠲᠠᠮᠢᠷ᠂ ᠤᠷᠠᠯᠢᠭ︾᠎ ᠤᠨ ᠬᠦᠳᠡᠯᠭᠡᠭᠡᠨ ᠵᠣᠬᠢᠶᠠᠨ ᠪᠠᠶᠢᠭᠤᠯᠵᠤ᠂ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠢᠩ ᠡᡁᠧ ᠰᠢᠶᠠᠨ ᠤ ᠰᠣᠶᠣᠯ ᠵᠤᠭᠠᠴᠠᠯ ᠤᠨ  ᠲᠤᠪᠴᠢᠶ᠎ᠡ᠂ ᠠᠵᠢᠯ ᠣᠯᠭᠤᠯᠲᠠ ᠶᠢᠨ ᠲᠤᠪᠴᠢᠶ᠎ᠡ᠂ ᠬᠠᠮ ᠵᠠᠭᠤᠴᠢᠯᠠᠭᠤᠷ ᠤᠨ ᠲᠥᠪ᠂ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠵᠢᠴᠢ ᠳ᠋ᠢᠶᠠᠨ ᠽᠢ ᠪᠠᠯᠭᠠᠰᠤ ᠶᠢᠨ ᠡᠯ᠎ᠡ ᠲᠣᠰᠬᠤᠨ ᠤ ᠠᠷᠠᠳ ᠤᠨ ᠵᠥᠪᠯᠡᠯ᠂ ᠨᠡᠶᠢᠭᠡᠮ ᠲᠣᠭᠤᠷᠢᠭ ᠤᠨ ᠬᠢᠨ ᠠᠵᠢᠯᠯᠠᠭ᠎ᠠ ᠳᠤ ᠣᠷᠣᠯᠴᠠᠪᠠ᠃
     ᠫᠤᠤᠵᠢᠩ ᠤᠨ ᠳᠠᠭᠤᠨ ᠤ ᠳᠤᠮᠳᠠ ᠲᠣᠭᠯᠠᠯᠲᠠ ᠶᠢᠨ ᠬᠥᠰᠢᠭᠡ ᠪᠠᠨ ᠰᠡᠬᠦᠵᠦ᠂ ᠳ᠋ᠢᠶᠠᠨ ᠽᠢ ᠪᠠᠯᠭᠠᠰᠤᠨ ᠤ ᠵᠤᠭᠠᠴᠠᠭᠰᠠᠳ ᠤᠨ ᠲᠥᠪ ᠲᠤ ᠬᠥᠮᠦᠨ ᠤ ᠳᠠᠯᠠᠢ ᠳᠦᠭᠦᠷᠴᠦ᠂ ᠲᠠᠷᠢᠶᠠᠴᠢᠳ ᠤᠨ ᠴᠠᠭᠠᠰᠤᠨ ᠬᠠᠶᠢᠴᠢᠯᠠᠮᠠᠯ᠂ ᠸᠠᠭᠠᠷ ᠱᠠᠭᠠᠵᠠᠩ ᠤᠨ ᠦᠵᠡᠭᠦᠯᠦᠯᠭᠡ ᠶᠢᠨ ᠲᠢᠩᠬᠢᠮ ᠳᠤ ᠳ᠋ᠧᠩ ᠵᠤᠯᠠ ᠡᠯᠭᠦᠵᠦ᠂ ᠤᠯᠠᠭᠠᠨ ᠥᠩᠭᠡ ᠶᠢ ᠨᠥᠮᠥᠷᠴᠦ᠂ ᠤᠷᠠᠨ ᠰᠠᠶᠢᠬᠠᠨ ᠤ ᠠᠵᠢᠯᠯᠠᠭ᠎ᠠ ᠶᠢᠨ ᠬᠠᠷᠠᠩᠭ᠎ᠠ ᠬᠡᠩᠭᠡᠷᠭᠡ ᠶᠢᠨ ᠳᠠᠭᠤᠨ ᠬᠡᠰᠡᠭ ᠬᠡᠰᠡᠭ ᠢᠶᠠᠷ ᠦᠷᠭᠦᠯᠵᠢᠯᠡᠵᠦ᠂ ᠬᠥᠮᠦᠰ ᠶᠠᠩᠭᠠᠷ ᠪᠥᠵᠢᠭᠯᠡᠨ ᠪᠠᠶᠠᠷ ᠪᠠᠶᠠᠰᠬᠤᠯᠠᠩᠲᠤ ᠳᠠᠯᠠᠢ ᠲᠠᠩᠭᠢᠰ ᠢ ᠢᠯᠡᠷᠡᠭᠦᠯᠵᠦ᠂ ᠬᠥᠮᠦᠰ ᠳ᠋ᠧᠩ ᠤᠨ ᠣᠨᠢᠰᠤᠭ᠎ᠠ ᠲᠠᠭᠠᠵᠦ ᠱᠠᠩᠨᠠᠯ ᠤᠨ ᠡᠳ᠋ ᠢᠶᠠᠨ ᠠᠪᠴᠤ ᠪᠠᠶᠠᠷ ᠪᠠᠭ᠋ᠠᠳᠤᠯ ᠤᠨ ᠴᠢᠷᠠᠢ ᠪᠠᠷ ᠡᠨᠡ ᠬᠦ ᠪᠠᠶᠠᠷ ᠤᠨ ᠡᠳᠦᠷ ᠤᠨ ᠠᠭᠤᠷ ᠠᠮᠢᠰᠬᠤᠯ ᠳᠤ ᠰᠣᠭᠲᠣᠭᠤᠷᠠᠵᠤ᠂ ᠦᠵᠡᠮᠵᠢ ᠪᠠᠶᠢᠳᠠᠯ ᠨᠢ ᠦᠩᠬᠡ ᠪᠦᠷᠢ ᠪᠠᠷ ᠪᠢᠯᠬᠠᠵᠤ᠂ ᠬᠦᠷ ᠬᠥᠭᠵᠢᠶᠡᠨ ᠢᠶᠠᠷ ᠪᠢᠯᠬᠠᠨ᠎ᠠ᠃
     ᠡᠨᠡ ᠤᠳᠠᠭ᠎ᠠ ᠶᠢᠨ  ᠬᠦᠳᠡᠯᠭᠡᠭᠡᠨ ᠳᠤ᠂ ᠡᠮᠦᠨ᠎ᠡ ᠬᠡᠰᠡᠭ ᠤᠨ ᠠᠭᠤᠷᠬᠠᠢ ᠶᠢᠨ ᠣᠷᠣᠨ ᠤ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠠᠩᠬᠢ᠂ ᠪᠠᠢ ᠵᠢᠶᠠ ᠶᠢᠩ ᠲᠣᠰᠬᠤᠨ ᠤ ᠤᠷᠠᠨ ᠰᠠᠶᠢᠬᠠᠨ ᠤ ᠠᠩᠬᠢ᠂ ᠳ᠋ᠢᠶᠠᠨ ᠽᠢ ᠲᠣᠰᠬᠤᠨ ᠤ ᠤᠷᠠᠨ ᠰᠠᠶᠢᠬᠠᠨ ᠤ ᠠᠩᠬᠢ᠂ ᠯᠠᠮᠠ ᠶᠢᠨ ᠶᠢᠩ ᠲᠣᠰᠬᠤᠨ ᠤ ᠤᠷᠠᠨ ᠰᠠᠶᠢᠬᠠᠨ ᠤ ᠠᠩᠬᠢ᠂ ᠰᠠᠨ ᠳ᠋ᠤᠤ ᠪᠢᠶᠠᠨ ᠲᠣᠰᠬᠤᠨ ᠤ ᠤᠷᠠᠨ ᠰᠠᠶᠢᠬᠠᠨ ᠤ ᠠᠩᠬᠢ᠂ ᠭᠦ᠋ ᠴᠧᠩ ᠲᠣᠰᠬᠤᠨ ᠤ ᠤᠷᠠᠨ ᠰᠠᠶᠢᠬᠠᠨ ᠤ ᠠᠩᠬᠢ᠂ ᠯᠦ ᠵᠢᠶᠠ ᠶᠢᠩ ᠲᠣᠰᠬᠤᠨ ᠤ ᠤᠷᠠᠨ ᠰᠠᠶᠢᠬᠠᠨ ᠤ ᠠᠩᠬᠢ ᠵᠡᠷᠭᠡ 7 ᠲᠣᠰᠬᠤᠨ ᠤ ᠠᠷᠠᠳ ᠤᠨ ᠵᠥᠪᠯᠡᠯ᠂ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠠᠩᠬᠢ ᠤᠷᠠᠨ ᠰᠠᠶᠢᠬᠠᠨ ᠤ ᠲᠣᠭᠯᠠᠯᠲᠠ ᠳᠤ ᠣᠷᠣᠯᠴᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3