ᠳ᠋ᠠ ᠲᠦᠩ ᠶᠣᠣ ᠲᠥᠪ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠬᠦᠷᠭᠡᠬᠦ ᠬᠡᠯᠪᠡᠷᠢ ᠶᠢ ᠰᠢᠨ᠎ᠡ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2023/2/3
   ︽ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ︾ ᠪᠣᠯ ᠨᠢᠭᠡ ᠵᠦᠢᠯ ᠤᠨ ᠣᠷᠳᠣ ᠬᠤᠭᠤᠴᠠᠭᠠᠨ ᠤ ᠣᠨᠴᠠᠭᠠᠶ ᠰᠤᠷᠭᠠᠨ ᠬᠥᠮᠦᠵᠢᠯ ᠤᠨ ᠠᠵᠢᠯ ᠮᠥᠨ᠂ ᠰᠤᠷᠭᠠᠭᠤᠯᠢ ᠳᠤ ᠢᠷᠡᠵᠦ ᠬᠢᠴᠢᠶᠡᠯ ᠣᠷᠣᠬᠤ ᠠᠷᠭ᠎ᠠ ᠥᠬᠡᠶ ᠣᠨᠴᠠᠭᠠᠶ ᠬᠡᠤᠬᠡᠳ ᠲᠤ ᠠᠳᠠᠯᠢᠬᠠᠨ ᠰᠤᠷᠭᠠᠨ ᠬᠥᠮᠦᠵᠢᠯ ᠭᠥᠷᠳᠡᠬᠦ ᠡᠷᠬᠡ ᠲᠠᠢ ᠪᠣᠯᠭᠠᠬᠤ ᠶᠢᠨ ᠲᠥᠯᠥᠭᠡ᠂ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠦᠨᠳᠦᠰᠦᠯᠡᠨ᠂ ᠰᠢᠩ ᠾᠧ ᠰᠢᠶᠠᠨ ᠤ ᠳ᠋ᠠ ᠲᠦᠩ ᠶᠣᠣ ᠭᠤᠤᠯ ᠰᠤᠷᠭᠠᠭᠤᠯᠢ ︽ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ︾ ᠠᠵᠢᠯ ᠢ ᠰᠠᠶᠢᠲᠤᠷ ᠬᠢᠬᠦ ᠶᠢ ᠪᠠᠷᠢᠮᠲᠠᠯᠠᠭᠰᠠᠭᠠᠷ ᠢᠷᠡᠵᠡᠶ᠃      ᠰᠤᠷᠤᠭᠴᠢ ᠨᠢᠭᠡᠪᠦᠷᠢ ᠶᠢᠨ ᠥᠪᠡᠷᠮᠢᠴᠡ ᠴᠢᠨᠠᠷ ᠢ ᠬᠦᠨᠳᠦᠳᠬᠡᠵᠦ᠂ ᠣᠨᠴᠠᠭᠠᠢ ᠬᠡᠦᠬᠡᠳ ᠤᠨ ᠤᠷ᠎ᠠ ᠴᠢᠳᠠᠪᠤᠷᠢ ᠶᠢ ᠨᠡᠩ ᠰᠠᠶᠢᠲᠤᠷ ᠡᠵᠡᠮᠰᠢᠭᠦᠯᠦᠨ ᠠᠮᠢᠳᠤᠷᠠᠯ ᠳᠤ ᠵᠣᠬᠢᠴᠠᠭᠤᠯᠵᠤ᠂ ᠨᠡᠶᠢᠭᠡᠮ ᠳᠤ ᠠᠭᠤᠰᠤᠯᠴᠠᠭᠤᠯᠬᠤ ᠪᠣᠯ ᠳ᠋ᠠ ᠲᠦᠩ ᠶᠣᠣ ᠭᠤᠣᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠠᠭᠰᠢ ᠶᠢᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠣᠯᠤᠨ᠎ᠠ᠃ ᠪᠠᠭᠰᠢ ᠨᠠᠷ 2019 ᠣᠨ ᠳᠤ ︽ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ︾ ᠠᠵᠢᠯ ᠢ ᠡᠭᠦᠷᠭᠡᠯᠡᠭᠰᠡᠨ ᠠᠴᠠ ᠣᠲᠣ ᠪᠣᠯᠲᠠᠯ᠎ᠠ᠂ ᠬᠢᠴᠢᠶᠡᠯ ᠤᠨ ᠲᠠᠩᠬᠢᠮ ᠢ ᠣᠨᠴᠠᠭᠠᠶ ᠬᠡᠤᠬᠡᠳ ᠨᠢᠭᠡᠪᠦᠷᠢ ᠶᠢᠨ ᠬᠡᠷ ᠲᠤ ︽ᠳᠠᠭᠠᠭᠤᠯᠤᠨ ᠣᠷᠣᠭᠤᠯᠵᠤ︾᠂ ᠵᠢᠭᠠᠨ ᠰᠤᠷᠭᠠᠯᠲᠠ ᠶᠢᠨ ᠬᠡᠯᠪᠡᠷᠢ ᠪᠠ ᠠᠷᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠬᠡᠤᠬᠡᠳ ᠢ ᠬᠠᠯᠠᠮᠵᠢᠯᠠᠨ ᠬᠠᠶᠢᠷᠠᠯᠠᠬᠤ ᠰᠡᠳᠬᠢᠯ ᠨᠢ ᠴᠦ ᠶᠡᠷᠦ ᠠᠴᠠ ᠵᠣᠭᠰᠣᠭᠰᠠᠨ ᠥᠬᠡᠶ ᠶᠤᠮ᠃      ᠬᠢᠴᠢᠶᠡᠯ ᠬᠥᠮᠦᠵᠢᠯ ᠢ ᠬᠡᠷ ᠲᠤᠨᠢ ᠬᠦᠷᠭᠡᠬᠦ ᠡᠬᠢᠨ ᠤ ᠬᠤᠭᠤᠴᠠᠭᠠᠨ ᠳᠤ᠂ ᠬᠢᠴᠢᠶᠡᠯ ᠵᠢᠭᠠᠬᠤ ᠪᠠᠭᠰᠢ ᠶᠢᠨ ᠵᠢᠭᠠᠨ ᠰᠤᠷᠭᠠᠯᠲᠠ ᠶᠢᠨ ᠬᠡᠪ ᠵᠠᠭᠪᠤᠷ ᠨᠢ ᠨᠡᠯᠢᠶᠡᠳ ᠲᠠᠩ ᠴᠤᠯᠭᠤᠶ ᠪᠠᠶᠢᠵᠤ᠂ ᠵᠥᠪᠬᠡᠨ ᠬᠡᠯᠡ᠂ ᠲᠤᠭ᠎ᠠ᠂ ᠠᠩᠭ᠍ᠯᠢ ᠵᠡᠷᠭᠡ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢ ᠭᠠᠷ ᠢᠶᠠᠷ ᠢᠶᠠᠨ ᠬᠢᠵᠦ ᠪᠠᠶᠢᠭᠰᠠᠨ ᠪᠣᠯᠬᠤᠷ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠨᠢ ᠲᠡᠶᠢᠮᠦ ᠢᠯᠡᠷᠬᠡᠶ ᠪᠢᠰᠢ᠂ ᠬᠡᠷ ᠤᠨ ᠠᠬᠠᠮᠠᠳ ᠨᠢ ᠴᠦ ᠶᠡᠭᠡ ᠵᠣᠪᠠᠵᠤ ᠪᠠᠶᠢᠪᠠ᠃ ᠬᠦᠨᠳᠦ ᠬᠡᠮᠵᠢᠶᠡᠨ ᠤ ᠣᠶᠣᠨ ᠤ ᠰᠠᠭᠠᠳ ᠲᠠᠢ ᠬᠡᠦᠬᠡᠳ ᠤᠨ ᠵᠢᠭᠠᠨ ᠰᠤᠷᠭᠠᠯᠲᠠ ᠶᠢᠨ ᠠᠭᠤᠯᠭ᠎ᠠ ᠨᠢ ᠣᠨᠴᠠᠯᠢᠭ ᠢᠶᠠᠷ ᠳᠤᠲᠠᠮᠠᠭ᠂ ᠮᠥᠨ ᠯᠡ ᠤᠯᠠᠮᠵᠢᠯᠠᠯᠲᠤ ᠣᠶᠣᠨ ᠤ ᠪᠣᠯᠪᠠᠰᠤᠷᠠᠯ ᠤᠨ ᠵᠢᠭᠠᠨ ᠰᠤᠷᠭᠠᠯᠲᠠ ᠲᠡᠳᠦᠶ ᠶᠤᠮ᠂ ᠣᠨᠴᠠᠭᠠᠶᠢᠯᠠᠨ ᠬᠦᠨᠳᠦ ᠬᠡᠮᠵᠢᠶᠡᠨ ᠤ ᠬᠡᠦᠬᠡᠳ ᠲᠤ ᠠᠪᠴᠤ ᠬᠡᠯᠡᠪᠡᠯ᠂ ᠬᠠᠮᠤᠭ ᠴᠢᠬᠤᠯᠠ ᠨᠢ ᠭᠠᠷ ᠬᠥᠳᠡᠯᠬᠦ ᠴᠢᠳᠠᠪᠤᠷᠢ ᠶᠢ ᠬᠥᠮᠦᠵᠢᠭᠦᠯᠬᠦ ᠵᠢᠴᠢ ᠰᠡᠳᠬᠢᠯᠭᠡ ᠶᠢ ᠢᠯᠡᠳᠬᠡᠬᠦ ᠪᠠ ᠡᠵᠡᠮᠳᠡᠬᠦ ᠶᠠᠪᠤᠳᠠᠯ ᠪᠣᠯᠤᠨ᠎ᠠ᠂ ᠰᠢᠨ᠎ᠡ ᠡᠭᠦᠳᠦᠯᠲᠡ ᠪᠠᠷ ᠳᠤᠲᠠᠮᠠᠭ ᠪᠠᠶᠢᠵᠤ᠂ ᠪᠦᠬᠦ ᠲᠠᠯ᠎ᠠ ᠪᠠᠷ ᠬᠥᠭᠵᠢᠭᠡᠳ ᠲᠤᠬᠠᠶ ᠶᠢᠨ ᠦᠶ᠎ᠡ ᠶᠢᠨ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠬᠠᠮᠤᠭ ᠤᠨ ᠶᠡᠭᠡ ᠠᠰᠠᠭᠤᠳᠠᠯ ᠪᠣᠯᠵᠤ ᠴᠢᠳᠠᠬᠤ ᠦᠭᠡᠢ ᠶᠤᠮ᠃      ᠡᠶᠢᠮᠦᠷᠬᠦ ᠪᠠᠶᠢᠳᠠᠯ ᠳᠤ ᠴᠢᠭᠯᠡᠭᠦᠯᠦᠨ᠂ ᠰᠤᠷᠭᠠᠨ ᠬᠥᠮᠦᠵᠢᠯ ᠳᠤ ᠬᠦᠷᠭᠡᠬᠦ ᠪᠠᠭᠰᠢ ᠨᠠᠷ ᠨᠠᠷᠢᠨ ᠬᠢᠨᠠᠮᠠᠭᠠᠶ ᠰᠤᠷᠤᠯᠴᠠᠵᠤ᠂ ᠨᠢᠭᠡ ᠰᠡᠳᠬᠢᠯ ᠢᠶᠠᠷ ᠰᠤᠳᠤᠯᠤᠨ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠢᠳᠡᠪᠬᠢᠲᠡᠶ ᠳᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠴᠢᠩᠭᠠᠳᠬᠠᠵᠤ᠂ ᠣᠨᠴᠠᠭᠠᠶ ᠰᠤᠷᠭᠠᠨ ᠬᠥᠮᠦᠵᠢᠯ ᠢ ᠨᠡᠶᠢᠳᠡᠮ ᠬᠠᠷᠠᠭᠠᠯᠵᠠᠬᠤ︾ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠰᠤᠷᠭᠠᠨ ᠬᠥᠮᠦᠵᠢᠯ ᠳᠤ ᠬᠦᠷᠭᠡᠬᠦ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠣᠨᠴᠠᠭᠠᠶ ᠬᠡᠷᠡᠭᠴᠡᠭᠡ ᠲᠠᠢ ᠬᠡᠤᠬᠡᠳ ᠨᠢᠭᠡᠪᠦᠷᠢ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠦᠯᠬᠦ ᠶᠢ ᠪᠡᠶᠡᠯᠡᠭᠦᠯᠦᠨ᠎ᠡ᠃ ᠪᠠᠭᠰᠢ ᠨᠢ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢᠶᠠᠨ ᠲᠠᠰᠤᠷᠠᠯᠲᠠ ᠥᠬᠡᠶ ᠥᠭᠡᠷᠡᠴᠢᠯᠡᠵᠦ᠂ ᠨᠢᠭᠡ ᠬᠥᠮᠦᠨ ᠨᠢᠭᠡ ᠯᠡ ᠬᠡᠷᠡᠭ ᠪᠣᠯᠭᠠᠨ᠂ ᠬᠡᠯᠡ ᠪᠢᠴᠢᠭ᠂ ᠲᠣᠭᠠᠨ ᠤ ᠤᠬᠠᠭᠠᠨ ᠵᠡᠷᠭᠡ ᠰᠢᠨᠵᠢᠯᠡᠭᠡᠨ ᠤ ᠲᠥᠷᠥᠯ ᠤᠨ ᠵᠢᠭᠠᠨ ᠰᠤᠷᠭᠠᠯᠲᠠ ᠶᠢ ᠬᠢᠬᠦ ᠶᠢᠨ ᠬᠠᠮᠲᠤ ᠪᠠᠰᠠ ᠳᠠᠭᠤᠤ ᠬᠥᠭᠵᠢᠮ᠂ ᠤᠷᠠᠨ ᠵᠢᠷᠤᠭ ᠤᠨ ᠵᠢᠭᠠᠨ ᠰᠤᠷᠭᠠᠯᠲᠠ ᠶᠢᠨ ᠠᠭᠤᠯᠭ᠎ᠠ ᠶᠢ ᠨᠡᠮᠡᠵᠦ ᠣᠷᠣᠭᠤᠯᠤᠭᠰᠠᠨ ᠪᠠᠶᠢᠨ᠎ᠠ᠃ ᠭᠠᠷ ᠬᠥᠳᠡᠯᠬᠦ ᠴᠢᠳᠠᠪᠤᠷᠢ ᠰᠠᠶᠢᠲᠠᠶ ᠬᠡᠤᠬᠡᠳ ᠵᠢᠷᠤᠭ ᠵᠢᠷᠤᠬᠤ ᠪᠠ ᠶᠠᠲᠤᠭ᠎ᠠ ᠴᠢᠪᠬᠠᠳᠠᠬᠤ ᠶᠢ ᠰᠤᠷᠴᠤ᠂ ᠴᠣᠪᠣᠭᠤ ᠳᠡᠭᠵᠢᠨ ᠬᠡᠤᠬᠡᠳ ᠳᠡᠭᠡᠰᠦ ᠦᠰᠦᠷᠬᠦ ᠪᠠ ᠲᠡᠪᠡᠭ ᠢᠰᠬᠦᠯᠬᠦ ᠶᠢ ᠰᠤᠷᠳᠠᠭ᠃ ᠬᠡᠦᠬᠡᠳ ᠤᠳ ᠪᠠᠶᠠᠷ ᠬᠥᠷ ᠲᠠᠢ ᠪᠠᠷ ᠨᠠᠭᠠᠳᠴᠤ᠂ ᠪᠠᠶᠠᠷ ᠬᠥᠷ ᠲᠠᠢ ᠪᠠᠷ ᠢᠨᠢᠶᠡᠮᠰᠦᠭᠯᠡᠪᠡ᠃ ᠪᠠᠭᠰᠢ ᠶᠢᠨ ᠴᠢᠷᠮᠠᠶᠢᠯᠭ᠎ᠠ ᠪᠠᠷ ᠰᠤᠷᠭᠠᠨ ᠬᠥᠮᠦᠵᠢᠯ ᠳᠤ ᠬᠦᠷᠭᠡᠬᠦ ᠠᠵᠢᠯ ᠤᠨ ᠴᠢᠨᠠᠷ ᠴᠢᠨᠰᠠᠭ᠎ᠠ ᠶᠢ ᠪᠠᠲᠤᠯᠠᠭᠰᠠᠨ ᠮᠥᠷᠲᠡᠭᠡᠨ ᠭᠡᠷ ᠤᠨ ᠠᠬᠠᠮᠠᠳ ᠤᠨ ᠬᠡᠦᠬᠡᠳ ᠲᠡᠭᠡᠨ ᠬᠡᠷᠬᠢᠨ ᠵᠣᠬᠢᠴᠠᠩᠭᠤᠶ ᠡᠷᠡᠭᠦᠯᠵᠢᠯ ᠤᠨ ᠪᠣᠯᠪᠠᠰᠤᠷᠠᠯ ᠬᠢᠬᠦ ᠶᠢ ᠵᠢᠭᠠᠨ ᠵᠢᠯᠣᠭᠤᠳᠴᠤ᠂ ᠲᠡᠳᠡᠨ ᠤ ᠠᠮᠢᠳᠤᠷᠠᠯ ᠳᠤ ᠵᠣᠬᠢᠴᠠᠬᠤ᠂ ᠨᠡᠶᠢᠭᠡᠮ ᠳᠤ ᠵᠣᠬᠢᠴᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠲᠡᠳᠡᠨ ᠢ ᠵᠣᠷᠢᠭᠵᠢᠭᠤᠯᠤᠨ ᠰᠢᠨ᠎ᠡ ᠪᠠᠷ ᠤᠷᠮ᠎ᠠ ᠵᠣᠷᠢᠭ ᠢ ᠨᠢ ᠰᠡᠷᠭᠦᠭᠡᠵᠡᠶ᠃      ᠪᠠᠶ ᠮᠦ ᠵᠢᠶᠠᠩ ᠶᠣᠣ ᠼᠦᠨ ᠲᠣᠰᠬᠤᠨ ᠤ ᠨᠢᠭᠡᠨ ᠣᠨᠴᠠᠭᠠᠶ ᠬᠡᠦᠬᠡᠳ ᠬᠦᠨᠳᠦ ᠨᠣᠴᠢᠲᠠᠶ ᠥᠨᠥᠴᠢᠷᠡᠮᠡᠯ ᠡᠪᠡᠳᠴᠢᠨ ᠳᠤ ᠨᠡᠷᠪᠡᠭᠳᠡᠵᠦ᠂ ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ ᠪᠠᠷ ᠠᠨᠠᠶ ᠪᠠᠶᠢᠪᠠ᠃ ᠲᠡᠭᠦᠨ ᠤ ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ ᠪᠠ ᠭᠠᠷ ᠬᠥᠳᠡᠯᠬᠦ ᠴᠢᠳᠠᠪᠤᠷᠢ ᠶᠢ ᠬᠥᠮᠦᠵᠢᠭᠦᠯᠬᠦ ᠶᠢᠨ ᠲᠥᠯᠥᠭᠡ᠂ ᠪᠠᠭᠰᠢ ᠳᠠᠭᠠᠨ ᠥᠪᠡᠷ ᠢᠶᠠᠨ ᠬᠤᠪᠴᠠᠰᠤ ᠡᠮᠦᠰᠬᠦ᠂ ᠲᠣᠪᠴᠢ ᠲᠣᠪᠴᠢᠯᠠᠬᠤ᠂ ᠡᠷᠲᠡᠨ ᠤ ᠰᠢᠯᠦᠭ ᠢ ᠳᠠᠭᠠᠵᠤ ᠤᠩᠰᠢᠬᠤ᠂ ᠬᠡᠦᠬᠡᠳ ᠤᠨ ᠳᠠᠭᠤᠤ ᠳᠠᠭᠤᠯᠠᠬᠤ ᠶᠢ ᠰᠤᠷᠭᠠᠬᠤ ᠶᠢ ᠵᠢᠭᠠᠯᠭᠠᠬᠤ ᠶᠢᠨ ᠲᠥᠯᠥᠭᠡ᠂ ᠬᠡᠳᠦ᠋ᠢᠪᠡᠷ A ᠠᠶᠠᠯᠭᠤ ᠶᠢ B ᠠᠶᠠᠯᠭᠤ ᠪᠠᠷ ᠲᠠᠭᠠᠷᠠᠭᠤᠯᠵᠤ᠂ ᠨᠢᠭᠡ ᠯᠡ ᠳᠡᠭᠡᠷ᠎ᠡ ᠬᠤᠶᠠᠷ ᠠᠶᠠᠯᠭᠤ ᠪᠠᠷ ᠤᠩᠰᠢᠭᠰᠠᠨ ᠪᠣᠯᠪᠠᠴᠤ᠂ ᠲᠡᠷᠡ ᠮᠥᠨ ᠯᠡ ᠴᠥᠬᠦᠷᠡᠯ ᠦᠭᠡᠢ ᠳᠠᠭᠠᠵᠤ ᠳᠠᠭᠤᠯᠠᠨ ᠤᠩᠰᠢᠵᠤ᠂ ᠪᠠᠶᠠᠷᠯᠠᠬᠤ ᠶᠢᠨ ᠶᠡᠭᠡ ᠪᠠᠷ ᠪᠠᠶᠠᠷᠯᠠᠪᠠ᠃ ᠬᠢᠵᠢᠭ ᠤᠨ ᠪᠠᠶᠢᠳᠠᠯ ᠤᠨ ᠪᠢᠲᠡᠭᠦᠮᠵᠢᠯᠡᠯ ᠢ ᠲᠠᠶᠢᠯᠬᠤ ᠦᠶ᠎ᠡ ᠳᠤ᠂ ᠪᠠᠭᠰᠢ ᠨᠢ ᠲᠡᠷᠡ ᠳᠠᠷᠤᠶ ᠳᠤᠨᠢ ᠡᠨᠡ ᠬᠠᠮᠲᠤ ᠰᠤᠷᠤᠭᠴᠢ ᠳᠤ ᠬᠥᠪᠥᠩᠲᠡᠶ ᠬᠦᠷᠮ᠎ᠡ ᠪᠠ ᠬᠥᠪᠥᠩᠲᠡᠶ ᠱᠠᠬᠠᠶ ᠬᠦᠷᠭᠡᠵᠦ᠂ ᠲᠡᠭᠦᠨ ᠢ ᠡᠨᠡ ᠬᠦ ᠬᠠᠬᠢᠷ ᠬᠦᠢᠳᠡᠨ ᠡᠪᠦᠯ ᠤᠨ ᠴᠠᠭ ᠲᠤ ᠳᠠᠭᠢᠵᠤ ᠬᠠᠬᠢᠷ ᠬᠦᠢᠳᠡᠨ ᠪᠢᠰᠢ ᠪᠣᠯᠭᠠᠪᠠ᠃ ᠣᠬᠤᠷᠬᠠᠨ ᠬᠠᠭᠠᠰ ᠵᠢᠯ ᠳᠤ ᠡᠨᠡ ᠬᠡᠦᠬᠡᠳ ᠪᠠᠶᠠᠷᠯᠠᠭᠤᠰᠢᠲᠠᠢ ᠬᠤᠪᠢᠷᠠᠯᠲᠠ ᠲᠠᠢ ᠪᠣᠯᠪᠠ᠄ ᠬᠥᠮᠦᠨ ᠲᠠᠢ ᠠᠭᠤᠯᠵᠠᠪᠠᠯ ᠰᠠᠨᠠᠭᠠᠴᠢᠯᠠᠭ᠎ᠠ ᠠᠴᠠ ᠪᠠᠨ ᠮᠡᠨᠳᠦᠴᠢᠯᠡᠵᠦ᠂ ᠭᠡᠷ ᠤᠨ ᠬᠥᠮᠦᠰ ᠢᠶᠠᠨ ᠬᠠᠪᠰᠤᠷᠴᠤ ᠭᠡᠷ ᠤᠨ ᠠᠵᠢᠯ ᠬᠢᠯᠭᠡᠳᠡᠭ᠃ ᠪᠠᠭᠰᠢ ᠨᠢ ᠦᠨᠡᠨᠴᠢ ᠰᠡᠳᠬᠢᠯ ᠪᠠ ᠬᠠᠶᠢᠷ᠎ᠠ ᠬᠠᠯᠠᠮᠵᠢ ᠪᠠᠷ ᠢᠶᠠᠨ ᠣᠨᠴᠠᠭᠠᠶ ᠬᠡᠤᠬᠡᠳ ᠢ ᠰᠡᠳᠬᠢᠯ ᠢ ᠨᠢ ᠠᠭᠤᠵᠢᠷᠠᠭᠤᠯᠬᠤ ᠶᠢᠨ ᠬᠠᠮᠲᠤ ᠬᠤᠪᠢᠷᠠᠯᠲᠠ ᠶᠢ ᠨᠢ ᠬᠤᠪᠢᠷᠠᠭᠤᠯᠳᠠᠭ᠃      ᠨᠢᠭᠡ ᠶᠢ ᠴᠦ ᠣᠷᠬᠢᠭᠳᠠᠭᠤᠯᠵᠤ ᠪᠣᠯᠬᠤ ᠥᠬᠡᠶ᠂ ᠡᠨᠡ ᠪᠣᠯ ᠣᠶᠤᠨ ᠤ ᠰᠠᠭᠠᠳ ᠲᠠᠢ ᠬᠡᠤᠬᠡᠳ ᠪᠠ ᠬᠡᠷ ᠤᠨ ᠠᠬᠠᠮᠠᠳ ᠤᠨ ᠬᠦᠨᠳᠦ ᠬᠦᠰᠡᠯ ᠮᠥᠨ᠂ ᠨᠠᠩ ᠴᠤ ᠪᠢᠳᠡᠨ ᠤ ᠰᠤᠷᠭᠠᠨ ᠬᠥᠮᠦᠵᠢᠭᠦᠯᠦᠭᠴᠢ ᠶᠢᠨ ᠢᠲᠡᠭᠡᠯ ᠵᠣᠷᠢᠭ ᠪᠠ ᠪᠠᠲᠤ ᠰᠠᠬᠢᠯ ᠮᠥᠨ᠃ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠢ ᠬᠦᠷᠭᠡᠬᠦ ᠠᠶᠠᠨ ᠵᠠᠮ ᠢᠶᠠᠷ ᠵᠠᠮᠨᠠᠬᠤ ᠳᠤ᠂ ᠪᠠᠭᠰᠢ ᠨᠠᠷ ᠰᠤᠷᠭᠠᠨ ᠬᠥᠮᠦᠵᠢᠯ ᠢ ᠬᠦᠷᠭᠡᠬᠦ ᠠᠵᠢᠯ ᠢ ᠲᠠᠰᠤᠷᠠᠯᠲᠠ ᠦᠭᠡᠢ ᠰᠤᠷᠤᠯᠴᠠᠵᠤ᠂ ᠰᠦᠪᠡᠭᠴᠢᠯᠡᠵᠦ᠂ ᠲᠡᠭᠦᠯᠳᠡᠷᠵᠢᠭᠦᠯᠵᠦ᠂ ᠲᠡᠭᠦᠨ ᠢ ᠪᠣᠳᠠᠲᠠᠢ ᠰᠠᠶᠢᠲᠤᠷ ᠬᠢᠵᠦ᠂ ᠵᠡᠮᠳᠡᠭ ᠬᠡᠦᠬᠡᠳ ᠤᠨ ᠰᠤᠷᠭᠠᠨ ᠬᠥᠮᠦᠵᠢᠯ ᠬᠦᠷᠳᠡᠬᠦ ᠡᠷᠬᠡ ᠶᠢ ᠦᠨᠡᠨᠬᠦ ᠪᠠᠲᠤᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠡᠭᠦᠳᠦᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︕ ︵ᠡᠬᠡ ᠪᠢᠴᠢᠭ ᠢ ᠬᠠᠩᠭᠠᠪᠠ᠄ ᠳ᠋ᠠ ᠲᠦᠩ ᠶᠣᠣ ᠭᠤᠣᠯ ᠰᠤᠷᠭᠠᠭᠤᠯᠢ ᠶᠢᠨ ᠬᠤᠸᠠᠩ ᠵᠢᠶᠦ᠋ᠨ︶                             ᠵᠣᠬᠢᠶᠠᠭᠴᠢ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ                           ᠤᠷᠴᠢᠭᠤᠯᠤᠭᠴᠢ᠄ ᠨᠠᠷᠠᠰᠤ                           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3