2023 ᠣᠨ ᠤ 2 ᠰᠠᠷ᠎ᠠ ᠶᠢᠨ 2 ᠤᠨ ᠡᠳᠦᠷ ᠪᠣᠯ 27 ᠳ᠋ᠤᠭᠠᠷ ᠳᠡᠯᠡᠬᠡᠢ ᠶᠢᠨ ᠨᠤᠭᠤ ᠭᠠᠵᠠᠷ ᠤᠨ ᠡᠳᠦᠷ | ᠪᠣᠯᠤᠨ᠎ᠠ᠂ ᠨᠤᠭᠤ ᠭᠠᠵᠠᠷ ᠤᠨ ᠬᠠᠮᠠᠭᠠᠯᠠᠯᠲᠠ ᠶᠢᠨ ᠴᠢᠬᠤᠯᠠ ᠴᠢᠨᠠᠷ ᠢ ᠨᠡᠩ ᠰᠠᠶᠢᠲᠤᠷ ᠤᠬᠠᠭᠤᠯᠵᠤ᠂ ᠤᠯᠠᠨ | ᠨᠡᠶᠢᠲᠡ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠨᠤᠭᠤ ᠭᠠᠵᠠᠷ ᠤᠨ | ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠰᠢᠩ ᠡᡁᠧ ᠰᠢᠶᠠᠨ ᠤ | ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠡ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠡ | ᠂ ᠰᠢᠩ ᠡᡁᠧ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠡ ᠲᠠᠢ ᠬᠠᠮᠲᠤᠷᠠᠨ ᠨᠤᠭᠤ ᠭᠠᠵᠠᠷ ᠤᠨ | ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ | | | ᠲᠣᠰ ᠤᠳᠠᠭᠠᠨ ᠤ ᠠᠵᠢᠯᠯᠠᠭ᠎ᠠ ᠶᠢᠨ ᠤᠬᠠᠭᠤᠯᠭ᠎ᠠ ᠶᠢᠨ ᠭᠤᠤᠯ ᠰᠡᠳᠦᠪ ᠨᠢ ︽ᠴᠢᠭᠢᠭᠯᠢᠭ ᠭᠠᠵᠠᠷ ᠢ ᠵᠠᠰᠠᠨ | ᠰᠡᠷᠭᠦᠭᠡᠬᠦ ᠶᠠᠪᠤᠳᠠᠯ ᠪᠠᠴᠢᠮ ᠲᠤᠯᠭᠠᠮ ᠱᠠᠭᠠᠷᠳᠠᠭᠳᠠᠵᠤ ᠪᠠᠶᠢᠨ᠎ᠠ︾᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ | ᠡᠯᠭᠦᠭᠡ ᠪᠢᠴᠢᠭᠡᠰᠦ ᠡᠯᠭᠦᠬᠦ᠂ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ | ᠣᠯᠠᠨ ᠵᠦᠢᠯ ᠤᠨ ᠬᠡᠯᠪᠡᠷᠢ ᠶᠢ ᠠᠪᠴᠤ᠂ ᠥᠷᠭᠡᠨ ᠣᠯᠠᠨ ᠲᠦᠮᠡᠨ ᠳᠤ ᠨᠤᠭᠤ ᠭᠠᠵᠠᠷ ᠤᠨ ᠴᠢᠳᠠᠮᠵᠢ ᠪᠠ | ᠦᠶ᠋ᠯᠡᠳᠦᠯ᠂ ᠨᠤᠭᠤ ᠭᠠᠵᠠᠷ ᠤᠨ ᠴᠢᠬᠤᠯᠠ ᠴᠢᠨᠠᠷ ᠵᠢᠴᠢ ᠨᠤᠭᠤ ᠭᠠᠵᠠᠷ ᠤᠨ ᠬᠡᠭᠡᠷ᠎ᠡ ᠶᠢᠨ ᠠᠮᠢᠲᠠᠨ ᠢ ᠬᠡᠷᠬᠢᠨ | ᠬᠠᠮᠠᠭᠠᠯᠠᠬᠤ ᠵᠡᠷᠭᠡ ᠬᠤᠯᠪᠣᠭᠳᠠᠯ ᠪᠥᠬᠦᠶ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠪᠥᠬᠦ | ᠨᠡᠶᠢᠭᠡᠮ ᠢᠶᠠᠷ ᠢᠶᠠᠨ ᠬᠠᠮᠲᠤ ᠪᠠᠷ ᠬᠥᠳᠡᠯᠦᠯᠴᠡᠵᠦ᠂ ᠨᠤᠭᠤ ᠭᠠᠵᠠᠷ ᠤᠨ ᠤᠤᠯ ᠠᠮᠢ ᠠᠬᠤᠶ ᠶᠢ ᠰᠡᠷᠭᠦᠭᠡᠬᠦ᠂ ᠬᠥᠮᠦᠨ | ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ | ᠡᠷᠭᠦᠬᠦ ᠶᠢ ᠤᠷᠢᠶᠠᠯᠠᠪᠠ᠃ | | | ᠲᠣᠰ ᠤᠳᠠᠭᠠᠨ ᠤ ᠤᠬᠠᠭᠤᠯᠭ᠎ᠠ ᠪᠠᠷ ᠳᠡᠮᠵᠢᠨ᠂ ᠣᠯᠠᠨ ᠲᠦᠮᠡᠨ ᠤ ᠨᠤᠭᠤ ᠭᠠᠵᠠᠷ ᠢ ᠬᠠᠮᠠᠭᠠᠯᠠᠬᠤ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠨᠤᠭᠤ ᠭᠠᠵᠠᠷ ᠢ ᠬᠠᠯᠠᠮᠵᠢᠯᠠᠬᠤ᠂ | ᠨᠤᠭᠤ ᠭᠠᠵᠠᠷ ᠢ ᠬᠠᠮᠠᠭᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠨᠤᠭᠤ | ᠭᠠᠵᠠᠷ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠦᠭᠰᠡᠨ ᠠᠴᠠ | ᠨᠤᠭᠤ ᠭᠠᠵᠠᠷ ᠤᠨ ᠤᠰᠤ ᠰᠢᠷᠣᠶ ᠶᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠪᠠ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠳᠤ ᠦᠵᠡᠭᠦᠯᠬᠦ ᠴᠢᠬᠤᠯᠠ ᠬᠤᠪᠢ ᠨᠡᠮᠡᠷᠢ ᠶᠢ ᠲᠠᠨᠢᠭᠰᠠᠨ ᠪᠥᠭᠡᠳ ᠨᠤᠭᠤ ᠭᠠᠵᠠᠷ ᠢ | ᠬᠠᠮᠠᠭᠠᠯᠠᠬᠤ ᠳᠤ ᠢᠳᠡᠪᠬᠢᠲᠡᠶ ᠣᠷᠣᠯᠴᠠᠭᠰᠠᠨ ᠪᠠᠶᠢᠨ᠎ᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |