ᠯᠸᠢ ᠺᠦᠨ ᠰᠢᠩ ᠾᠧ ᠰᠢᠶᠠᠨ ᠳᠤ ᠬᠦᠷᠴᠦ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠵᠢᠯ ᠢ ᠵᠢᠯᠣᠭᠤᠳᠬᠤ ᠶᠢᠨ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 ᠬᠠᠯᠠᠭᠤᠨ ᠤᠲᠠᠰᠤᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/6
      2 ᠰᠠᠷ᠎ᠠ ᠶᠢᠨ 3᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠸᠢ ᠺᠦᠨ ᠪᠦᠯᠬᠦᠮ ᠳᠠᠭᠠᠭᠤᠯᠤᠨ ᠰᠢᠩ ᠾᠧ ᠰᠢᠶᠠᠨ ᠳᠤ ᠬᠦᠷᠴᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠬᠤ ᠶᠢᠨ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 ᠬᠠᠯᠠᠭᠤᠨ ᠤᠲᠠᠰᠤᠨ ᠤ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠸᠢ ᠺᠦᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠤᠪᠴᠢᠶ᠎ᠡ ᠶᠢᠨ ᠬᠠᠷᠢᠭᠤᠴᠠᠯᠭᠠᠲᠠᠨ ᠤ ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠯᠸᠢ ᠺᠦᠨ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤᠨ ᠤ ᠠᠵᠢᠯ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠵᠤ᠂ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠪᠣᠳᠠᠲᠠᠢ ᠬᠡᠷᠡᠭᠴᠡᠭᠡ ᠠᠴᠠ ᠡᠭᠦᠰᠴᠦ᠂ ᠠᠵᠢᠯ ᠶᠠᠪᠤᠳᠠᠯ ᠡᠷᠬᠢᠯᠡᠬᠦ ᠶᠠᠪᠤᠴᠠ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ ᠥᠭᠡᠷᠡᠴᠢᠯᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠰᠦᠯᠵᠢᠶᠡᠨ ᠳᠡᠭᠡᠷ᠎ᠡ ᠰᠢᠢᠳᠪᠦᠷᠢᠯᠡᠬᠦ︾᠂ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠦᠢᠯᠡᠴᠢᠯᠡᠭᠡ ᠶᠢ ᠥᠷᠨᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠳᠤ ᠲᠦᠬᠦᠮ ᠦᠵᠡᠭᠦᠯᠬᠦ  ᠬᠡᠮᠵᠢᠶ᠎ᠡ ᠪᠣᠯᠤᠨ ᠬᠠᠨᠤᠮᠵᠢ ᠶᠢᠨ  ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ  ᠬᠤᠢ ᠢᠦᠶ ᠵᠢᠭᠠᠵᠤ ᠭᠠᠷᠭᠠᠬᠤ ᠳᠠᠭᠠᠨ᠄ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠶ ᠲᠠᠯ᠎ᠠ ᠶᠢ ᠨᠠᠷᠢᠨ ᠬᠢᠨᠠᠮᠠᠭᠠᠶ ᠡᠮᠬᠢᠯᠡᠨ ᠳ᠋ᠦᠩᠨᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠩ ᠶᠡᠭᠡ ᠡᠷᠴᠢᠮ᠂ ᠨᠡᠩ ᠴᠢᠩᠭ᠎ᠠ ᠠᠷᠭ᠎ᠠ ᠬᠡᠮᠵᠢᠶ᠎ᠡ ᠠᠪᠴᠤ᠂ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠵᠠᠰᠠᠭ ᠵᠠᠬᠢᠷᠭᠠᠨ ᠤ ᠬᠠᠮᠢᠶᠠᠷᠤᠯᠲᠠ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠠᠵᠤ ᠠᠬᠤᠶᠢᠯᠠᠯ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠩ ᠰᠠᠶᠢᠨ ᠰᠢᠢᠳᠪᠦᠷᠢᠯᠡᠵᠦ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ᠃      ᠰᠢᠶᠠᠨ ᠤ ᠤᠳᠤᠷᠢᠳᠤᠯᠭ᠎ᠠ ᠸᠠᠩ ᠰᠢᠶᠤᠤ ᠵᠢᠶᠦ᠋ᠨ᠂ ᠵᠧᠤ ᠷᠦᠢ ᠵᠢᠶᠦ᠋ᠨ ᠬᠤᠷᠠᠯ ᠳᠤ ᠣᠷᠣᠯᠴᠠᠵᠠᠶ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3